ᠮᠠᠨ ᠤ ᠤᠷᠤᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ 4 ᠨᠡᠮᠡᠭᠳᠡᠪᠡ
ᠨᠡᠶᠢᠲᠡᠯᠡᠭᠰᠡᠨ ᠴᠠᠭ᠄
2024/1/31
   ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠢᠢ ᠨᠡᠶᠢᠲᠡᠯᠡᠪᠡ᠃ ᠡᠭᠦᠨ ᠳᠤ ᠬᠠᠷᠬᠤᠰᠤ ᠨᠠᠭᠤᠷ᠂ ᠰᠢᠷᠭ᠎ᠠ ᠶᠢᠨ ᠨᠠᠭᠤᠷ᠂ ᠥᠯᠵᠡᠶᠢᠮᠦ᠋ᠷᠡᠨ ᠭᠤᠣᠯ᠂ ᠳᠦᠯᠭᠡᠨ ᠨᠠᠭᠤᠷ ᠵᠡᠷᠭᠡ 4 ᠨᠤᠭᠤ ᠭᠠᠵᠠᠷ ᠨᠡᠷᠡᠰ ᠤᠨ ᠵᠢᠭᠰᠠᠭᠠᠯᠲᠠ ᠳᠤ ᠤᠷᠤᠭᠰᠠᠨ ᠢᠶᠠᠷ ᠮᠠᠨ ᠤ ᠤᠷᠠᠤᠨ ᠤ   ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ 63 ᠪᠤᠯᠪᠠ᠃   ᠮᠠᠨ ᠤ ᠤᠷᠤᠨ ᠪᠣᠯ ᠨᠤᠭᠤ ᠭᠠᠵᠠᠷ ᠤᠨ ᠡᠬᠢ ᠪᠠᠶᠠᠯᠢᠭ ᠤᠨ ᠲᠣᠮᠣ ᠣᠷᠣᠨ ᠪᠣᠯᠣᠨ᠎ᠠ᠂ 2022 ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠢᠢᠨ ᠪᠠᠶᠢᠴᠠᠭᠠᠯᠲᠠ ᠢᠢᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠪᠦᠬᠦ ᠣᠷᠣᠨ ᠤ ᠨᠤᠭᠤ ᠭᠠᠵᠠᠷ ᠤᠨ ᠲᠠᠯᠠᠪᠠᠢ 486.65 ᠲᠦᠮᠡᠨ ᠾᠧᠺᠲ᠋ᠠᠷ ︵ᠤᠰᠤᠨ ᠣᠷᠣᠨ ᠤ ᠲᠠᠯᠠᠪᠠᠢ ᠪᠠᠭᠲᠠᠨ᠎ᠠ︶ ᠪᠠᠶᠢᠵᠤ᠂ ᠪᠦᠬᠦ ᠤᠯᠤᠰ ᠲᠤ ᠲᠠᠪᠤᠳᠤᠭᠠᠷ ᠲᠤ ᠤᠷᠤᠪᠠ᠃ ᠪᠥᠬᠦ ᠣᠷᠣᠨ ᠤ ᠨᠤᠭᠤ ᠭᠠᠵᠠᠷ ᠤᠨ ᠡᠬᠢ ᠪᠠᠶᠠᠯᠢᠭ ᠤᠨ ᠲᠥᠷᠥᠯ ᠵᠦᠢᠯ ᠣᠯᠠᠨ ᠶᠠᠩᠵᠤ᠂ ᠣᠨᠴᠠᠯᠢᠭ ᠢᠯᠡ ᠲᠣᠳᠣ᠂ ᠠᠮᠢ ᠠᠬᠤᠢ ᠢᠢᠨ ᠦᠨ᠎ᠡ ᠥᠷᠲᠡᠭ ᠲᠣᠪᠤᠶᠢᠮ᠎ᠠ ᠪᠠᠶᠢᠵᠤ᠂ ᠤᠰᠤᠨ ᠤ ᠡᠬᠢ ᠰᠤᠷᠪᠤᠯᠵᠢ ᠢᠢ ᠬᠠᠳᠠᠭᠠᠯᠠᠬᠤ᠂ ᠠᠭᠤᠷ ᠠᠮᠢᠰᠬᠤᠯ ᠢ ᠵᠣᠬᠢᠴᠠᠭᠤᠯᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠠᠮᠢ ᠠᠬᠤᠢ ᠢᠢᠨ ᠴᠢᠳᠠᠮᠵᠢ ᠲᠠᠢ ᠪᠠᠶᠢᠵᠤ᠂ ᠴᠢᠬᠤᠯᠠ ᠬᠡᠭᠡᠷ᠎ᠡ ᠢᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠪᠣᠯᠣᠨ᠎ᠠ᠃   ᠣᠯᠠᠨ ᠵᠢᠯ ᠤᠨ ᠲᠤᠷᠰᠢ᠂ ᠮᠠᠨ ᠤ ᠤᠷᠤᠨ ᠨᠤᠭᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠢᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠨᠡᠷᠡᠰ ᠤᠨ ᠬᠠᠮᠢᠶᠠᠷᠤᠯᠲᠠ ᠢᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠢᠢᠨ ᠠᠷᠭ᠎ᠠ︾ ᠵᠡᠷᠭᠡ ᠶᠢ ᠲᠣᠭᠲᠠᠭᠠᠵᠤ᠂ ︽ᠥᠪᠥᠷ ᠮᠣᠩᠭᠤᠯ ᠤᠨ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠢᠢᠨ ᠵᠢᠷᠤᠮᠵᠢᠯ︾ ᠪᠠ ︽ᠥᠪᠥᠷ ᠮᠣᠩᠭᠤᠯ ᠤᠨ ᠴᠢᠬᠤᠯᠠ ᠨᠤᠭᠤ ᠭᠠᠵᠠᠷ ᠢ ᠬᠢᠨᠠᠨ ᠬᠡᠮᠵᠢᠬᠦ ᠮᠡᠷᠭᠡᠵᠢᠯ ᠤᠨ ᠳᠦᠷᠢᠮ︾ ᠵᠡᠷᠭᠡ ᠥᠪᠡᠷᠲᠡᠭᠡᠨ ᠵᠠᠰᠠᠬᠤ ᠣᠷᠣᠨ ᠤ 2 ᠪᠠᠷᠢᠮᠵᠢᠶ᠎ᠠ ᠢᠢ ᠨᠡᠶᠢᠲᠡᠯᠡᠵᠦ᠂ ᠮᠠᠨ ᠤ ᠤᠷᠤᠨ ᠤ ᠨᠤᠭᠤ ᠭᠠᠵᠠᠷ ᠤᠨ ᠣᠷᠣᠨ ᠨᠤᠲᠤᠭ ᠤᠨ ᠪᠠᠷᠢᠮᠵᠢᠶ᠎ᠠ ᠢᠢᠨ ᠬᠤᠭᠤᠰᠤᠨ ᠢ ᠨᠥᠬᠦᠪᠦᠷᠢᠯᠡᠨ᠂ ᠨᠤᠭᠤ ᠭᠠᠵᠠᠷ ᠢ ᠬᠠᠮᠠᠭᠠᠯᠠᠬᠤ ᠳᠦᠷᠢᠮ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠡᠭᠦᠨ ᠤ ᠬᠠᠮᠲᠤ ᠨᠤᠭᠤ ᠭᠠᠵᠠᠷ ᠢ ᠬᠢᠨᠠᠨ ᠬᠠᠮᠢᠶᠠᠷᠴᠤ ᠬᠠᠮᠠᠭᠠᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠢᠢ ᠴᠢᠩᠭ᠎ᠠ ᠨᠠᠶᠢᠳᠠᠪᠤᠷᠢᠵᠢᠭᠤᠯᠤᠨ᠂ ᠨᠤᠭᠤ ᠭᠠᠵᠠᠷ ᠢ ᠲᠡᠰ ᠬᠤᠪᠢᠶᠠᠨ ᠬᠠᠮᠢᠶᠠᠷᠬᠤ ᠰᠢᠰᠲ᠋ᠤᠮ ᠢ ᠪᠠᠶᠢᠭᠤᠯᠤᠨ ᠲᠡᠭᠦᠯᠳᠡᠷᠵᠢᠭᠦᠯᠪᠡ᠃ ᠣᠳᠣᠬᠠᠨ ᠳᠤ ᠪᠥᠬᠦ ᠣᠷᠣᠨ ᠳᠤ ᠳᠡᠯᠡᠬᠡᠢ ᠢᠢᠨ ᠴᠢᠬᠤᠯᠠ ᠨᠤᠭᠤ ᠭᠠᠵᠠᠷ 4᠂ ᠤᠯᠤᠰ ᠤᠨ ᠴᠢᠬᠤᠯᠠ ᠨᠤᠭᠤ ᠭᠠᠵᠠᠷ 1᠂ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ 63 ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号