ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠭᠤᠨ ᠤᠲᠠᠰᠤ ᠶᠢ ᠳᠡᠯᠭᠡᠵᠦ ᠠᠷᠠᠳ ᠲᠤ ᠦᠢᠯᠡᠴᠢᠯᠡᠬᠦ ︽ᠰᠡᠳᠬᠢᠯ ᠤᠨ ᠬᠥᠭᠦᠷᠭᠡ︾᠎ ᠶᠢ ᠴᠣᠭᠴᠠᠯᠠᠪᠠ
ᠨᠡᠶᠢᠲᠡᠯᠡᠭᠰᠡᠨ ᠴᠠᠭ᠄
2024/1/4
   12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢ ᠨᠡᠪᠲᠡᠷᠡᠭᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠴᠠᠭ ᠲᠤᠬᠠᠢ ᠳᠤᠨᠢ ᠬᠦᠯᠢᠶᠡᠨ ᠠᠪᠴᠤ ᠲᠦᠷᠭᠡᠨ ᠰᠢᠢᠳᠪᠦᠷᠢᠯᠡᠵᠦ ᠳᠠᠭᠤᠰᠬᠠᠬᠤ ᠶᠢ ᠪᠠᠷᠢᠮᠲᠠᠯᠠᠨ᠂ ᠬᠤᠲᠠ ᠪᠠᠯᠭᠠᠰᠤ ᠬᠥᠳᠡᠭᠡ ᠲᠣᠰᠬᠤᠨ ᠢ ᠬᠠᠮᠤᠷᠴᠤ᠂ ᠮᠣᠩᠭᠤᠯ ᠬᠢᠲᠠᠳ ᠬᠤᠣᠰ ᠬᠡᠯᠡᠨ ᠤ ᠦᠢᠯᠡᠴᠢᠯᠡᠭᠡ ᠶᠢ ᠬᠡᠷᠡᠭᠵᠢᠭᠦᠯᠪᠡ᠃ ᠠᠷᠠᠳ ᠤᠨ ᠰᠠᠨᠠᠯ ᠢ ᠰᠣᠨᠣᠰᠴᠤ ᠠᠷᠠᠳ ᠤᠨ ᠰᠠᠨᠠᠭ᠎ᠠ ᠶᠢ ᠣᠶᠢᠯᠠᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠪᠠ ᠣᠯᠠᠨ ᠲᠦᠮᠡᠨ ᠤ ᠬᠤᠭᠤᠷᠣᠨᠳᠣ ᠠᠷᠠᠳ ᠲᠦᠮᠡᠨ ᠳᠤ ᠦᠢᠯᠡᠴᠢᠯᠡᠬᠦ ︽ᠰᠡᠳᠬᠢᠯ ᠤᠨ ᠬᠤᠯᠪᠣᠭᠠᠰᠤ︾᠎ ᠶᠢ ᠪᠠᠶᠢᠭᠤᠯᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃    ᠣᠶᠢᠷ᠎ᠠ ᠳᠤ᠂ ᠣᠯᠠᠨ ᠲᠦᠮᠡᠨ 12345 ᠤᠲᠠᠰᠤ ᠶᠢᠨ ᠬᠦᠰᠡᠯ ᠱᠠᠭᠠᠷᠳᠠᠯᠭ᠎ᠠ ᠳᠤ ᠤᠲᠠᠰᠤᠳᠠᠵᠤ᠂ ᠶᠠᠪᠠᠭᠠᠨ ᠬᠥᠮᠦᠨ ᠤ ᠵᠡᠭᠡᠯᠢ ᠳᠣᠲᠣᠷ᠎ᠠ ᠦᠷᠭᠦᠯᠵᠢ ᠲᠡᠷᠭᠡ ᠤᠨᠤᠭ᠎ᠠ ᠪᠠᠨ ᠳᠤᠷ᠎ᠠ ᠪᠠᠷ ᠢᠶᠠᠨ ᠵᠣᠭᠰᠣᠭᠠᠬᠤ ᠦᠵᠡᠭᠳᠡᠯ ᠲᠠᠢ ᠪᠠᠶᠢᠵᠤ᠂ ᠶᠠᠪᠠᠭᠠᠨ ᠬᠥᠮᠦᠨ ᠤ ᠵᠠᠮ ᠬᠠᠷᠢᠯᠴᠠᠭ᠎ᠠ ᠶᠢ ᠬᠤᠷᠢᠭᠯᠠᠬᠤ ᠪᠠᠷ ᠪᠠᠷᠠᠬᠤ ᠦᠭᠡᠢ ᠪᠠᠰᠠ ᠨᠠᠭᠠᠰᠢ ᠴᠠᠭᠠᠰᠢ ᠥᠩᠭᠡᠷᠡᠬᠦ ᠬᠥᠮᠦᠰ ᠲᠤ ᠠᠮᠤᠷ ᠲᠦᠪᠰᠢᠨ ᠤ ᠳᠠᠯᠳᠠ ᠭᠡᠮ ᠤᠴᠠᠷᠠᠭᠤᠯᠵᠤ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠯᠢ ᠲᠦᠷᠭᠡᠨ ᠢᠶᠠᠷ ᠬᠠᠪᠰᠤᠷᠤᠨ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠤᠰ ᠠᠵᠢᠯ ᠤᠨ ᠬᠠᠭᠤᠳᠠᠰᠤ ᠶᠢ ᠬᠦᠯᠢᠶᠡᠨ ᠠᠪᠤᠭᠰᠠᠨ ᠤ ᠳᠠᠷᠠᠭ᠎ᠠ᠂ ᠬᠠᠷᠢᠭᠤᠴᠠᠯᠭ᠎ᠠ ᠶᠢᠨ ᠳᠤᠮᠳᠠ ᠠᠩᠭᠢ ᠳᠠᠷᠤᠢ ᠲᠦᠷᠭᠡᠨ ᠲᠤᠬᠠᠢ ᠶᠢᠨ ᠲᠠᠯᠠᠪᠤᠷ ᠲᠤ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠪᠠ᠃ ᠬᠢᠨᠠᠨ ᠬᠠᠷᠭᠤᠭᠤᠯᠤᠭᠰᠠᠨ ᠢᠶᠠᠷ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠶᠠᠪᠠᠭᠠᠨ ᠵᠡᠭᠡᠯᠢ ᠶᠢᠨ ᠬᠤᠶᠠᠷ ᠦᠵᠦᠭᠦᠷ ᠤᠨ ᠣᠷᠣᠵᠤ ᠭᠠᠷᠬᠤ ᠭᠠᠵᠠᠷ ᠲᠤ ᠤᠤᠯ ᠨᠢ ︽ᠴᠢᠯᠠᠭᠤᠨ ᠲᠤᠯᠭᠠᠭᠤᠷᠢ︾ ᠭᠠᠷᠭᠠᠵᠤ᠂ ᠵᠡᠭᠡᠯᠢ ᠳᠣᠲᠣᠷᠠᠬᠢ ᠮᠠᠰᠢᠨ ᠲᠡᠷᠭᠡ ᠣᠷᠣᠬᠤ ᠶᠢ ᠴᠠᠭᠠᠵᠠᠯᠠᠬᠤ ᠳᠤ ᠬᠡᠷᠡᠭᠯᠡᠭᠰᠡᠨ ᠪᠣᠯᠪᠠᠴᠤ ᠣᠶᠢᠷ᠎ᠠ ᠶᠢᠨ ᠬᠤᠭᠤᠴᠠᠭᠠᠨ ᠳᠤ ᠵᠢᠯ ᠤᠨ ᠪᠣᠭᠤᠮᠲᠠ ᠳᠤ ᠪᠠᠷᠠᠭ᠎ᠠ ᠬᠤᠳᠠᠯᠳᠤᠨ ᠠᠪᠬᠤ ᠣᠯᠠᠨ ᠲᠦᠮᠡᠨ ᠤ ᠨᠡᠯᠢᠶᠡᠳ ᠣᠯᠠᠨ ᠪᠣᠯᠬᠤᠷ ᠬᠡᠰᠡᠭ ᠣᠯᠠᠨ ᠲᠦᠮᠡᠨ ᠲᠦᠬᠦᠮ ᠪᠠᠶᠢᠵᠤ᠂ ︽ᠴᠢᠯᠠᠭᠤᠨ ᠲᠤᠯᠭᠠᠭᠤᠷᠢ︾᠎ ᠶᠢ ᠳᠤᠷ᠎ᠠ ᠪᠠᠷ ᠢᠶᠠᠨ ᠰᠢᠯᠵᠢᠭᠦᠯᠦᠭᠰᠡᠨ ᠠᠴᠠ ᠪᠣᠯᠵᠤ ᠶᠠᠪᠠᠭᠠᠨ ᠵᠡᠭᠡᠯᠢ ᠳᠣᠲᠣᠷᠠᠬᠢ ᠲᠡᠷᠭᠡᠨ ᠤ ᠤᠷᠤᠰᠬᠠᠯ ᠢ ᠲᠠᠰᠤᠯᠬᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠦᠵᠡᠭᠳᠡᠯ ᠪᠠᠶᠢᠨ ᠳᠠᠬᠢᠨ ᠭᠠᠷᠴᠤ ᠪᠠᠶᠢᠪᠠ᠃ ᠬᠠᠤᠯᠢ ᠬᠡᠷᠡᠭᠵᠢᠭᠦᠯᠬᠦ ᠠᠵᠢᠯᠲᠠᠨ ᠠᠰᠠᠭᠤᠳᠠᠯ ᠤᠨ ᠡᠬᠢ ᠡᠭᠦᠰᠦᠯ ᠳᠤ ᠴᠢᠭᠯᠡᠭᠦᠯᠦᠨ᠂ ᠳᠠᠷᠤᠢ ᠲᠦᠷᠭᠡᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ᠂ ᠲᠡᠷᠡ ᠳᠠᠷᠤᠢ ᠳᠤᠨᠢ ᠳᠤᠷ᠎ᠠ ᠪᠠᠷ ᠢᠶᠠᠨ ᠲᠡᠷᠭᠡ ᠵᠣᠭᠰᠣᠭᠠᠬᠤ ᠶᠢ ᠵᠡᠭᠡᠯᠢ ᠠᠴᠠ ᠭᠠᠷᠭᠠᠬᠤ ᠶᠢᠨ ᠬᠠᠮᠲᠤ ︽ᠴᠢᠯᠠᠭᠤᠨ ᠲᠤᠯᠭᠠᠭᠤᠷᠢ︾᠎ ᠶᠢ ᠤᠭ ᠪᠠᠶᠢᠷᠢ ᠶᠢ ᠨᠢ ᠰᠡᠷᠭᠦᠭᠡᠪᠡ᠃ ᠡᠭᠦᠨ ᠤ ᠬᠠᠮᠲᠤ᠂ ᠪᠠᠶᠢᠩᠭᠤ ᠶᠢᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠴᠢᠯᠠᠭᠤᠨ ᠲᠤᠯᠭᠠᠭᠤᠷᠢ︾᠎ ᠶᠢ ᠳᠤᠷ᠎ᠠ ᠪᠠᠷ ᠢᠶᠠᠨ ᠰᠢᠯᠵᠢᠭᠦᠯᠦᠭᠰᠡᠨ ᠬᠤᠪᠢ ᠬᠥᠮᠦᠨ ᠪᠠ ᠲᠡᠷᠭᠡ ᠬᠥᠰᠬᠡ ᠶᠢ ᠣᠯᠵᠤ ᠮᠡᠳᠡᠪᠡᠯ ᠴᠢᠩᠭ᠎ᠠ ᠰᠢᠢᠳᠬᠡᠨ᠎ᠡ᠃    ᠬᠠᠤᠯᠢ ᠬᠡᠷᠡᠭᠵᠢᠭᠦᠯᠬᠦ ᠠᠵᠢᠯᠲᠠᠨ ᠡᠷᠭᠢᠨ ᠲᠣᠭᠤᠷᠢᠨ ᠤ ᠬᠡᠰᠡᠭ ᠰᠠᠭᠤᠭᠠᠯᠢ ᠠᠷᠠᠳ ᠠᠮᠢᠳᠤᠷᠠᠯ ᠤᠨ ᠪᠣᠬᠢᠷ ᠤᠰᠤ ᠪᠠᠨ ᠬᠤᠭ ᠨᠣᠪᠰᠢ ᠶᠢᠨ ᠰᠠᠪᠠ ᠳᠤ ᠳᠤᠷ᠎ᠠ ᠪᠠᠷ ᠢᠶᠠᠨ ᠴᠢᠳᠬᠤᠵᠤ ᠬᠠᠶᠠᠭᠰᠠᠨ ᠢ ᠣᠯᠵᠤ ᠮᠡᠳᠡᠭᠡᠳ᠂ ᠬᠤᠭ ᠨᠣᠪᠰᠢ ᠶᠢᠨ ᠰᠠᠪᠠ ᠶᠢᠨ ᠡᠷᠭᠢᠨ ᠲᠣᠭᠤᠷᠢᠨ ᠤ ᠪᠣᠬᠢᠷ ᠤᠰᠤ ᠨᠢ ᠭᠠᠳᠠᠭᠰᠢ ᠮᠥᠰᠥ ᠬᠥᠯᠳᠡᠭᠰᠡᠨ ᠢ ᠣᠯᠵᠤ ᠮᠡᠳᠡᠪᠡ ᠃ ᠡᠭᠦᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠯᠠᠭ᠎ᠠ ᠮᠥᠴᠢᠷ ᠲᠠᠢ ᠦᠳᠲᠡᠷ ᠲᠦᠷᠭᠡᠨ ᠬᠠᠷᠢᠯᠴᠠᠵᠤ᠂ ᠲᠤᠰ ᠣᠷᠣᠨ ᠪᠦᠰᠡ ᠶᠢᠨ ᠳᠣᠲᠣᠷᠠᠬᠢ ᠪᠤᠢ ᠪᠦᠬᠦᠢ ᠬᠤᠭ ᠨᠣᠪᠰᠢ ᠶᠢᠨ ᠰᠠᠪᠠ ᠶᠢᠨ ᠡᠷᠭᠢᠨ ᠲᠣᠭᠤᠷᠢᠨ ᠢ ᠲᠥᠪᠯᠡᠷᠡᠭᠦᠯᠦᠨ ᠴᠡᠪᠡᠷᠯᠡᠵᠦ᠂ ᠡᠪᠳᠡᠷᠡᠵᠦ ᠰᠦᠢᠳᠦᠭᠰᠡᠨ ᠬᠤᠭ ᠨᠣᠪᠰᠢ ᠶᠢᠨ ᠰᠠᠪᠠ ᠶᠢ ᠰᠣᠯᠢᠪᠠ᠃ 12345 ᠲᠠᠪᠴᠠᠩ ᠤᠨ ᠠᠵᠢᠯᠲᠠᠨ ᠤ ᠬᠠᠷᠢᠭᠤ ᠰᠤᠷᠪᠤᠯᠵᠢᠯᠠᠭ᠎ᠠ ᠪᠠᠷ ᠳᠠᠮᠵᠢᠨ᠂ ᠭᠤᠮᠣᠳᠠᠯ ᠲᠣᠭᠠᠴᠢᠭᠴᠢ ᠨᠢ ᠭᠤᠮᠣᠳᠠᠯ ᠲᠣᠭᠠᠴᠢᠬᠤ ᠠᠰᠠᠭᠤᠳᠠᠯ ᠢ ᠨᠢᠭᠡᠨᠲᠡ ᠰᠢᠢᠳᠪᠦᠷᠢᠯᠡᠭᠰᠡᠨ ᠪᠥᠭᠡᠳ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠨ ᠤ ︽ᠲᠣᠭᠠᠴᠢᠭᠰᠠᠨ ᠦᠭᠡᠢ ᠪᠣᠯ ᠤᠷᠢᠳᠠᠪᠠᠷ ᠭᠦᠢᠴᠡᠳᠬᠡᠬᠦ︾ ᠠᠵᠢᠯ ᠤᠨ ᠣᠪᠣᠷ ᠪᠠ ᠠᠷᠭ᠎ᠠ ᠮᠠᠶ᠋ᠢᠭ ᠲᠤ ᠰᠠᠶᠢᠨ ᠦᠨᠡᠯᠡᠯᠲᠡ ᠥᠭᠭᠦᠭᠰᠡᠨ ᠪᠠᠶᠢᠨ᠎ᠠ᠃    ᠣᠳᠣ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢ ᠬᠠᠩᠭᠢᠨᠠᠭᠤᠯᠤᠭᠰᠠᠨ ᠨᠣᠷᠮ᠎ᠠ ᠨᠢ 100%᠎ ᠳᠤ ᠬᠦᠷᠴᠦ᠂ ᠡᠯ᠎ᠡ ᠳᠠᠭᠠᠭᠠᠨ ᠠᠪᠴᠤ ᠭᠦᠢᠴᠡᠳᠬᠡᠬᠦ ᠨᠢᠭᠡᠴᠡ ᠠᠴᠠ 9807 ᠬᠤᠪᠢ ᠠᠵᠢᠯ ᠤᠨ ᠬᠠᠭᠤᠳᠠᠰᠤ ᠶᠢ ᠭᠦᠢᠴᠡᠳᠬᠡᠵᠦ᠂ 9387 ᠬᠤᠪᠢ ᠠᠵᠢᠯ ᠤᠨ ᠬᠠᠭᠤᠳᠠᠰᠤ ᠶᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 85 ᠳᠠᠭᠠᠭᠠᠨ ᠠᠪᠴᠤ ᠭᠦᠢᠴᠡᠳᠬᠡᠬᠦ ᠨᠢᠭᠡᠴᠡ ᠳᠤ ᠬᠤᠯᠪᠣᠭᠳᠠᠵᠤ᠂ ᠡᠭᠦᠨ ᠳᠤ ᠬᠠᠯᠠᠭᠤᠨ ᠴᠡᠭ ᠤᠨ ᠠᠵᠢᠯ ᠤᠨ ᠬᠠᠭᠤᠳᠠᠰᠤ ᠶᠢᠨ ᠲᠥᠷᠥᠯ ᠵᠦᠢᠯ ᠳᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ᠂ ᠵᠠᠮ ᠬᠠᠷᠢᠯᠴᠠᠭ᠎ᠠ ᠶᠠᠪᠤᠵᠤ ᠰᠠᠭᠤᠬᠤ ᠲᠥᠷᠥᠯ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥᠯ ᠪᠤᠢ᠃ ᠰᠢᠢᠳᠪᠦᠷᠢᠯᠡᠭᠰᠡᠨ ᠨᠣᠷᠮ᠎ᠠ 97.08%᠂ ᠬᠠᠨᠤᠮᠵᠢᠲᠠᠢ ᠨᠣᠷᠮ᠎ᠠ 97.52%᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 95.72%᠂ ᠠᠶᠢᠮᠠᠭ ᠤᠨ ᠱᠠᠲᠤᠨ ᠤ ᠲᠠᠪᠴᠠᠩ ᠤᠨ ᠮᠡᠳᠡᠯᠭᠡ ᠶᠢᠨ ᠬᠥᠮᠥᠷᠭᠡ ᠶᠢᠨ ᠦᠭᠡ ᠵᠤᠷᠪᠤᠰ ᠲᠤ 5966 ᠵᠤᠷᠪᠤᠰ ᠣᠷᠣᠭᠤᠯᠪᠠ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠭᠤᠮᠣᠳᠠᠯ ᠱᠠᠭᠠᠷᠳᠠᠯᠭ᠎ᠠ ᠶᠢ ᠠᠵᠢᠯ ᠤᠨ ︽ᠨᠢᠭᠡᠳᠦᠭᠡᠷ ᠮᠡᠳᠡᠭᠡ ᠵᠠᠩᠭᠢ︾ ᠪᠣᠯᠭᠠᠵᠤ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠲᠦᠷᠭᠡᠨ ᠰᠢᠢᠳᠪᠦᠷᠢᠯᠡᠬᠦ᠂ ᠲᠦᠷᠭᠡᠨ ᠬᠦᠯᠢᠶᠡᠨ ᠠᠪᠴᠤ ᠰᠢᠢᠳᠪᠦᠷᠢᠯᠡᠬᠦ᠂ ᠥᠨᠳᠥᠷ ᠪᠦᠲᠦᠮᠵᠢᠲᠡᠢ ᠪᠠᠷ ᠰᠢᠢᠳᠪᠦᠷᠢᠯᠡᠵᠦ ᠳᠠᠭᠤᠰᠬᠠᠬᠤ ᠶᠢ ᠪᠠᠷᠢᠮᠲᠠᠯᠠᠨ᠂ ᠣᠯᠠᠨ ᠲᠦᠮᠡᠨ ᠢ ᠬᠠᠪᠰᠤᠷᠤᠨ ᠰᠠᠶᠢᠨ ᠶᠠᠪᠤᠳᠠᠯ᠂ ᠬᠦᠴᠢᠷ ᠶᠠᠪᠤᠳᠠᠯ ᠢ ᠰᠢᠢᠳᠪᠦᠷᠢᠯᠡᠵᠦ᠂ ᠪᠣᠳᠠᠲᠤ ᠶᠠᠪᠤᠳᠠᠯ ᠬᠢᠵᠦ᠂ ᠣᠯᠠᠨ ᠲᠦᠮᠡᠨ ᠳᠤ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠬᠦ ᠬᠡᠷᠡᠭᠲᠡᠢ᠃
 
ᠢᠷᠡᠯᠲᠡ᠄ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号