ᠯᠢ ᠴᠢᠶᠠᠩ ᠬᠤᠪᠧᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠥᠷᠯᠥᠭᠡ ᠦᠳᠡᠰᠢ ᠶᠢ ᠲᠡᠮᠡᠴᠡᠨ ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠨᠡ ᠵᠢᠯ ᠤᠨ ᠠᠵᠤ ᠠᠬᠤᠢ ᠶᠢᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/1/4
   ᠰᠢᠨᠬᠤᠸᠠ ᠬᠤᠷᠢᠶᠠᠨ ᠤ ᠣᠢᠬᠠᠨ ᠤ 1 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 1 ᠰᠠᠷ᠎ᠠ ᠶᠢᠨ 2 ᠠᠴᠠ 3 ᠤ ᠡᠳᠦᠷ ᠪᠣᠯᠲᠠᠯ᠎ᠠ ᠬᠤᠪᠧᠢ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠷᠯᠥᠭᠡ ᠦᠳᠡᠰᠢ ᠶᠢ ᠲᠡᠮᠡᠴᠡᠬᠦ᠂ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠱᠠᠯᠠᠪᠳᠠᠨ ᠠᠳᠬᠤᠵᠤ᠂ ᠪᠣᠳᠠᠲᠠᠢ ᠠᠵᠢᠯᠯᠠᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠡᠨᠡ ᠵᠢᠯ ᠤᠨ ᠠᠵᠤ ᠠᠬᠤᠢ ᠶᠢᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠡᠤ ᠴᠠᠩ ᠳᠤ᠂ ᠯᠢ ᠴᠢᠶᠠᠩ ᠡᠩ ᠲᠡᠷᠢᠭᠦᠨ ᠳᠤ ᠭᠧ ᠵᠧᠦ ᠪᠠ ᠶᠢᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠳᠤ ᠬᠦᠷᠴᠦ᠂ ᠭᠤᠷᠪᠠᠳᠤᠭᠠᠷ ᠨᠣᠮᠧᠷᠲᠤ ᠣᠩᠭᠤᠴᠠᠨ ᠤ ᠬᠠᠭᠠᠯᠲᠠ ᠵᠢᠴᠢ ᠡᠯᠡᠰᠦ ᠤᠷᠤᠰᠬᠠᠬᠤ ᠬᠠᠭᠠᠯᠲᠠ ᠶᠢ ᠪᠠᠶᠢᠴᠠᠭᠠᠨ ᠦᠵᠡᠵᠦ᠂ ᠬᠤᠪᠧᠶ ᠮᠤᠵᠢ ᠶᠢᠨ ᠬᠥᠬᠡᠮᠥ᠋ᠷᠡᠨ ᠤ ᠶᠡᠭᠡ ᠬᠠᠮᠠᠭᠠᠯᠠᠯᠲᠠ᠂ ᠭᠤᠷᠪᠠᠨ ᠬᠠᠪᠴᠢᠯ ᠤᠨ ᠤᠰᠤᠨ ᠲᠡᠭᠡᠭᠡᠪᠦᠷᠢ ᠶᠢᠨ ᠰᠢᠨ᠎ᠡ ᠵᠠᠮ ᠪᠣᠯᠤᠨ ᠵᠢᠩ ᠬᠠᠨ ᠲᠠᠲᠠᠮᠠᠯ ᠭᠤᠣᠯ ᠤᠨ ᠲᠥᠯᠥᠪᠵᠢᠭᠦᠯᠭᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ︽ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠠᠳᠬᠤᠵᠤ᠂ ᠶᠡᠭᠡ ᠪᠠᠷ ᠨᠡᠭᠡᠭᠡᠨ ᠬᠥᠭᠵᠢᠭᠦᠯᠬᠦ ᠦᠭᠡᠢ ᠪᠠᠶᠢᠬᠤ︾ ᠴᠢᠬᠤᠯᠠ ᠵᠢᠭᠠᠪᠤᠷᠢ ᠶᠢ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨᠴᠢ ᠵᠢᠮ᠎ᠡ ᠶᠣᠰᠣ ᠶᠢ ᠬᠦᠨᠳᠦᠳᠬᠡᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠴᠤ᠂ ᠲᠥᠯᠥᠪᠵᠢᠭᠦᠯᠭᠡ ᠶᠢᠨ ᠨᠤᠲᠠᠯᠠᠯᠲᠠ ᠪᠠ ᠲᠥᠷᠥᠯ ᠵᠦᠢᠯ ᠢ ᠠᠬᠢᠭᠤᠯᠬᠤ ᠶᠢ ᠲᠦᠷᠭᠡᠳᠬᠡᠵᠦ᠂ ᠬᠥᠬᠡᠮᠥ᠋ᠷᠡᠨ ᠤ ᠤᠰᠤᠨ ᠲᠡᠭᠡᠭᠡᠪᠦᠷᠢ᠂ ᠤᠰᠤᠨ ᠠᠰᠢᠭᠯᠠᠯᠲᠠ᠂ ᠠᠮᠢ ᠠᠬᠤᠢ᠂ ᠰᠣᠶᠣᠯ ᠵᠢᠭᠤᠯᠴᠢᠯᠠᠯ ᠵᠡᠷᠭᠡ ᠶᠡᠷᠦᠩᠬᠡᠶᠢᠯᠡᠭᠰᠡᠨ ᠦᠷ᠎ᠡ ᠠᠰᠢᠭ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠳᠠᠷᠠᠭ᠎ᠠ ᠨᠢ ᠰᠢᠩ ᠹᠠ ᠪᠦᠯᠦᠭᠯᠡᠯ ᠤᠨ ᠰᠢᠨ᠎ᠡ ᠦᠢᠯᠡᠳᠪᠦᠷᠢ ᠶᠢᠨ ᠲᠣᠭᠤᠷᠢᠭ ᠲᠤ ᠬᠦᠷᠴᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠠᠶᠢᠳᠠᠯ ᠢ ᠣᠶᠢᠯᠠᠭᠠᠵᠤ ᠂ ᠬᠥᠬᠡᠮᠥ᠋ᠷᠡᠨ ᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠪᠠ ᠬᠥᠬᠡᠮᠥ᠋ᠷᠡᠨ ᠤ ᠡᠷᠭᠢ ᠶᠢᠨ ᠱᠤᠭᠤᠮ ᠢ ᠰᠤᠯᠠᠯᠠᠵᠤ ᠭᠠᠷᠭᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠢᠨ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠤᠯᠠᠮ ᠨᠢᠭᠡ ᠠᠯᠬᠤᠮ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠶᠢ ᠬᠦᠰᠡᠪᠡ᠃ ᠪᠦᠲᠦᠭᠡᠨ ᠪᠠᠶᠢᠭᠤᠯᠬᠤ ᠳᠤᠮᠳᠠᠬᠢ ᠪᠠᠩ ᠫᠦ᠋ ᠪᠦᠬᠦ ᠬᠡᠯᠬᠢᠶ᠎ᠡ ᠶᠢᠨ ᠨᠢᠭᠡ ᠴᠣᠭᠴᠠᠵᠢᠭᠰᠠᠨ ᠠᠵᠤ ᠦᠢᠯᠡᠰ ᠤᠨ ᠬᠦᠷᠢᠶᠡᠯᠡᠩ ᠤᠨ ᠰᠤᠪᠤᠷᠭᠠᠨ ᠡᠯᠭᠦᠭᠡ ᠣᠢ ᠶᠢᠨ ᠲᠠᠯᠠᠪᠠᠢ ᠪᠠᠶᠢᠭᠤᠯᠵᠤ᠂ ᠨᠢᠭᠡ ᠪᠦᠯᠦᠭ ᠶᠠᠭᠠᠷᠠᠯᠲᠠᠢ ᠪᠠᠶᠢᠳᠠᠯ ᠢᠯᠡᠷᠡᠪᠡ᠃ ᠯᠢ ᠴᠢᠶᠠᠩ ᠠᠵᠤ ᠠᠬᠤᠶᠢᠯᠠᠯ ᠤᠨ ᠬᠠᠶᠠᠭᠳᠠᠮᠠᠯ ᠬᠠᠭᠤᠴᠢᠨ ᠳ᠋ᠢᠶᠠᠨ ᡂᠢ ᠶᠢ ᠡᠭᠡᠭᠦᠯᠦᠨ ᠬᠤᠷᠢᠶᠠᠵᠤ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠯ ᠠᠵᠤ ᠠᠬᠤᠢ ᠶᠢ ᠪᠣᠢ ᠪᠣᠯᠭᠠᠬᠤ ᠠᠷᠭ᠎ᠠ ᠬᠢᠳᠡᠯ ᠢ ᠭᠦᠢᠴᠡᠳ ᠨᠤᠲᠠᠯᠠᠵᠤ᠂ ᠲᠡᠳᠡᠨ ᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠤᠷᠢᠳᠠᠴᠢ ᠰᠢᠲᠠᠷ᠎ᠠ ᠪᠠᠨ ᠰᠠᠶᠢᠲᠤᠷ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠳᠡᠰ ᠲᠡᠰᠢ ᠲᠠᠰᠤᠷᠠᠯᠲᠠ ᠥᠬᠡᠶ ᠳᠡᠭᠡᠭᠰᠢᠯᠡᠬᠦ ᠶᠢ ᠵᠣᠷᠢᠭᠵᠢᠭᠤᠯᠪᠠ᠃    ᠦᠬᠠᠨ ᠳᠤ᠂ ᠯᠢ ᠴᠢᠶᠠᠩ ᠤᠷᠢᠳ ᠬᠤᠵᠢᠳ ᠴᠠᠩ ᠵᠢᠶᠠᠩ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠸᠠ ᠭᠦᠩ ᠯᠠᠶᠢᠰᠧᠷ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠱᠤᠭᠤᠮ ᠢ ᠲᠣᠭᠤᠷᠢᠨ ᠦᠵᠡᠵᠦ᠂ ᠲᠦᠷᠭᠡᠨ ᠬᠠᠳᠠᠭᠠᠯᠠᠬᠤ ᠴᠢᠫ ᠢ ᠰᠤᠳᠤᠯᠤᠨ ᠦᠢᠯᠡᠳᠬᠦ᠂ ᠯᠠᠶᠢᠰᠧᠷ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠪᠠ᠃ ᠯᠢ ᠴᠢᠶᠠᠩ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠦᠷ᠎ᠡ ᠪᠦᠲᠦᠭᠡᠯ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠣᠨᠣᠪᠴᠢᠲᠠᠢ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠦᠬᠠᠨ ᠶᠡᠭᠡ ᠰᠤᠷᠭᠠᠭᠤᠯᠢ ᠶᠢᠨ ᠬᠡᠮᠵᠢᠨ ᠵᠢᠷᠤᠬᠤ ᠠᠯᠤᠰ ᠰᠡᠷᠡᠯ ᠤᠨ ᠮᠡᠳᠡᠭᠡ ᠵᠠᠩᠭᠢ ᠶᠢᠨ ᠢᠨᠵᠧᠨᠧᠷᠢᠩ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ᠂ ᠯᠢ ᠴᠢᠶᠠᠩ ᠭᠠᠵᠠᠷ ᠢ ᠠᠵᠢᠭᠯᠠᠬᠤ᠂ ᠳᠣᠬᠢᠭᠤᠷ ᠳᠣᠯᠣᠭᠠᠨ ᠣᠳᠣ ᠠᠶᠠᠯᠠᠯ ᠵᠠᠯᠠᠬᠤ ᠵᠡᠷᠭᠡ ᠴᠢᠬᠤᠯᠠ ᠶᠡᠭᠡ ᠢᠨᠵᠧᠨᠧᠷᠢᠩ ᠤᠨ ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠳᠡᠨ ᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠵᠦ᠂ ᠲᠡᠳᠡᠨ ᠢ ᠤᠯᠠᠨ ᠲᠠᠯᠠᠪᠤᠷ ᠤᠨ ᠬᠡᠷᠡᠭᠯᠡᠯᠲᠡ ᠶᠢ ᠶᠡᠭᠡ ᠪᠠᠷ ᠠᠬᠢᠭᠤᠯᠵᠤ᠂ ᠨᠡᠩ ᠣᠯᠠᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠦᠨ ᠨᠡᠶᠢᠳᠬᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠲᠠᠯ᠎ᠠ ᠪᠠᠷ ᠨᠡᠩ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠤᠯᠤᠰ ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠪᠡ᠃ᠬᠤᠪᠧᠶ ᠶᠢᠨ ᠧ ᠵᠧᠦ ᠳᠤ᠂ ᠯᠢ ᠴᠢᠶᠠᠩ ᠬᠤᠸᠠ ᠬᠣ᠋ ᠨᠢᠰᠬᠡᠯ ᠤᠨ ᠪᠠᠭᠤᠳᠠᠯ ᠳᠤ ᠬᠦᠷᠴᠦ᠂ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠱᠦᠨ ᠹᠧᠩ ᠤᠨ ᠪᠣᠭᠤᠳᠠᠯ ᠢᠯᠭᠠᠬᠤ ᠱᠤᠭᠤᠮ ᠢ ᠲᠣᠭᠤᠷᠢᠨ ᠦᠵᠡᠪᠡ᠃ ᠲᠡᠷᠡ ᠵᠢᠭᠠᠵᠤ ᠭᠠᠷᠭᠠᠭᠰᠠᠨ ᠨᠢ᠂ ᠬᠤᠸᠠ ᠬᠣ᠋ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠠᠭᠠᠷ ᠤᠨ ᠪᠠᠷᠠᠭ᠎ᠠ ᠲᠡᠭᠡᠭᠡᠪᠦᠷᠢ ᠶᠢᠨ ᠬᠦᠢᠰᠦ ᠶᠢ ᠪᠦᠲᠦᠭᠡᠨ ᠪᠠᠶᠢᠭᠤᠯᠬᠤ ᠨᠢ ᠢᠯᠡᠷᠬᠡᠢ ᠣᠷᠣᠨ ᠪᠠᠶᠢᠷᠢ ᠶᠢᠨ ᠳᠠᠪᠠᠭᠤᠯᠢᠭ ᠪᠠ ᠰᠠᠶᠢᠨ ᠰᠠᠶᠢᠬᠠᠨ ᠰᠠᠭᠤᠷᠢ ᠨᠥᠬᠦᠴᠡᠯ ᠲᠠᠢ ᠶᠤᠮ᠂ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ ᠬᠡᠷᠡᠭᠲᠡᠢ᠃    ᠯᠢ ᠴᠢᠶᠠᠩ ᠬᠤᠪᠧᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠶᠢ ᠭᠦᠢᠴᠡᠳ ᠨᠤᠲᠠᠯᠠᠪᠠ᠃ ᠲᠡᠷᠡ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠠᠶᠢᠨ᠎ᠠ᠂ ᠬᠤᠪᠧᠢ ᠶᠢᠨ ᠶᠡᠷᠦᠩᠬᠡᠢ ᠱᠦᠵᠢ ᠰᠢ ᠶᠢᠨ ᠫᠢᠩ ᠤᠨ ᠬᠤᠪᠧᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠪᠠᠷ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠡᠦ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号