ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾᠎ ᠢ ᠡᠭᠦᠳᠦᠨ ᠪᠠᠶᠢᠭᠤᠯᠬᠤ ᠪᠠᠷ ᠮᠡᠳᠡᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/5
    1 ᠰᠠᠷ᠎ᠠ ᠶᠢᠨ 4᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠭᠠᠲᠤᠷ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾᠎ ᠢ ᠡᠭᠦᠳᠦᠨ ᠪᠠᠶᠢᠭᠤᠯᠬᠤ ᠶᠢ ᠮᠡᠳᠡᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾᠎ ᠢ ᠡᠭᠦᠳᠦᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠳᠬᠢᠴᠡ ᠬᠠᠷᠠᠯᠲᠠ ᠪᠠᠨ ᠲᠣᠳᠣᠷᠬᠠᠶᠢᠯᠠᠵᠤ᠂ ᠡᠭᠦᠳᠦᠨ ᠪᠠᠶᠢᠭᠤᠯᠬᠤ ᠡᠭᠦᠷᠭᠡ ᠪᠠᠨ ᠲᠣᠳᠣᠷᠬᠠᠶᠢᠯᠠᠵᠤ᠂ ᠭᠤᠣᠯᠳᠠᠯᠭ᠎ᠠ ᠲᠠᠢ ᠲᠥᠷᠥᠯ ᠵᠦᠢᠯ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠣᠯᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠬᠤᠷᠠᠮᠳᠤᠭᠤᠯᠬᠤ ᠠᠷᠭ᠎ᠠ ᠵᠠᠮ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠳᠡᠮᠵᠢᠬᠦ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠡᠭᠦᠷᠭᠡ ᠴᠢᠳᠠᠪᠤᠷᠢ ᠳᠠᠭᠠᠨ ᠰᠠᠭᠤᠷᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠣᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃    ᠬᠤᠷᠠᠯ ᠠᠴᠠ᠂ 2 ᠰᠤᠮᠤ ᠪᠠᠯᠭᠠᠰᠤ᠂ 16 ᠭᠠᠴᠠᠭᠠᠨ ᠤ ᠪᠣᠳᠠᠲᠠᠢ ᠣᠨᠴᠠᠯᠢᠭ᠂ ᠲᠠᠷᠢᠶᠠᠯᠠᠩ ᠤᠨ ᠠᠵᠤ ᠦᠢᠯᠡᠰ ᠤᠨ ᠣᠨᠴᠠᠯᠢᠭ᠂ ᠬᠥᠳᠡᠭᠡ ᠲᠣᠰᠬᠤᠨ ᠤ ᠭᠠᠵᠠᠷ ᠣᠷᠣᠨ ᠤ ᠣᠨᠴᠠᠯᠢᠭ ᠢ ᠨᠠᠷᠢᠨ ᠬᠢᠨᠠᠮᠠᠭᠠᠢ ᠪᠣᠯᠪᠠᠰᠤᠷᠠᠭᠤᠯᠵᠤ᠂ ᠵᠥᠷᠢᠶᠡᠴᠢᠯᠡᠭᠰᠡᠨ ᠬᠠᠷᠠᠯᠲᠠ ᠡᠭᠦᠷᠭᠡ ᠶᠢ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠭ᠎ᠠ ᠵᠠᠮ ᠤᠨ ᠵᠠᠭᠪᠤᠷ ᠢ ᠭᠤᠣᠯᠳᠠᠯᠭ᠎ᠠ ᠲᠠᠢ ᠰᠦᠪᠡᠭᠴᠢᠯᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠲᠦᠮᠡᠨ ᠤ ᠣᠷᠣᠯᠴᠠᠬᠤ ᠤᠬᠠᠮᠰᠠᠷ ᠢ ᠢᠳᠡᠪᠬᠢᠲᠡᠢ ᠳᠠᠶᠢᠴᠢᠯᠠᠨ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠮᠠᠯᠴᠢᠨ ᠲᠠᠷᠢᠶᠠᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠹᠧᠩ ᠵᠢᠶᠠᠨ ᠵᠦᠩ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号