ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠬᠦᠢᠯᠭᠡᠭᠡᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/5
   ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠬᠢᠯᠡᠵᠦ ᠵᠠᠩ ᠶᠠᠨ ᠺᠦᠨ ᠣᠷᠣᠯᠴᠠᠵᠠᠢ   1 ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠬᠦᠭᠡᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠵᠠᠢ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠵᠠᠶ᠃   ᠰᠦᠨ ᠱᠤᠤ ᠴᠧᠩ ᠶᠠᠷᠢᠶᠠᠨ ᠳᠠᠭᠠᠨ᠂ ᠶᠡᠷᠤᠩᠭᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠮᠥᠩᠭᠦᠨ ᠭᠦᠢᠯᠭᠡᠭᠡᠨ ᠤ ᠰᠢᠰᠲ᠋ᠧᠮ ᠤᠨ ᠨᠥᠬᠦᠳ ᠤᠯᠤᠰ ᠲᠦᠷᠦ ᠶᠢ ᠡᠷᠬᠢᠮᠯᠡᠬᠦ ᠦᠨᠳᠤᠷᠴᠡ ᠠᠴᠠ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠡᠭᠦᠨ ᠤ ᠪᠠᠶᠠᠯᠢᠭ ᠠᠭᠤᠯᠤᠭᠳᠠᠬᠤᠨ᠂ ᠭᠤᠣᠯ ᠴᠢᠮᠥᠭᠡ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠶ ᠣᠶᠢᠯᠠᠭᠠᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠨᠡᠩ ᠡᠷᠡᠰ ᠪᠠᠲᠤ ᠤᠬᠠᠮᠰᠠᠷ ᠠᠴᠠ ᠪᠠᠨ ᠯᠠᠪᠳᠠᠭᠤᠨ ᠪᠠᠲᠤᠲᠠᠶ ᠬᠦᠴᠦᠲᠡᠶ ᠰᠠᠶᠢᠲᠤᠷ ᠠᠳᠬᠤᠬᠤ ᠬᠡᠷᠡᠭᠲᠡᠶ ᠭᠡᠵᠤ ᠬᠡᠯᠡᠪᠡ᠃   ᠰᠦᠨ ᠱᠤᠤ ᠴᠤᠩ᠂ ᠤᠢᠢᠷ᠎ᠠ ᠶᠢᠨ ᠬᠡᠳᠦᠨ ᠵᠢᠯ ᠳᠤ ᠪᠦᠬᠦ ᠣᠷᠣᠨ ᠤ ᠮᠥᠩᠭᠦᠨ ᠭᠦᠢᠯᠭᠡᠭᠡᠨ ᠤ ᠰᠢᠰᠲᠤᠮ ᠤᠨ ᠬᠢᠨ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠵᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠲᠣᠭᠲᠠᠭᠤᠨ ᠢᠶᠠᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠵᠠᠢ᠃ ᠡᠭᠦᠨ ᠤ ᠵᠡᠷᠭᠡ ᠪᠠᠷ ᠮᠠᠨ ᠤ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠬᠡᠪᠴᠢᠶ᠎ᠡ ᠪᠠᠷ ᠪᠠᠭ᠎ᠠ᠂ ᠪᠣᠳᠠᠲᠤ ᠬᠦᠴᠦᠨ ᠢᠶᠠᠷ ᠪᠠᠭᠤᠷᠠᠶ᠂ ᠲᠦᠭᠰᠢᠭᠦᠷᠢ ᠪᠠᠷ ᠣᠯᠠᠨ ᠪᠠᠶᠢᠬᠤ ᠣᠨᠴᠠᠯᠢᠭ ᠪᠠᠰᠠ ᠮᠠᠰᠢ ᠢᠯᠡᠷᠬᠡᠶ ᠪᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠲᠤᠯᠭᠠᠭᠤᠷᠢᠯᠠᠯ ᠤᠨ ᠦᠢᠯᠡᠳᠦᠯ ᠨᠢ ᠪᠠᠰᠠ ᠭᠦᠢᠴᠡᠳ ᠬᠦᠴᠦᠳᠠᠢ ᠪᠢᠰᠢ ᠪᠠᠶᠢᠭᠰᠠᠭᠠᠷ᠃ ᠣᠳᠣᠬᠠᠨ ᠳᠤ᠂ ᠤᠯᠤᠰ ᠠᠴᠠ ᠨᠡᠶᠢᠲᠡᠯᠡᠭᠰᠡᠨ ᠠᠯᠢ ᠣᠯᠠᠨ ᠠᠰᠢᠭᠲᠠᠶ ᠲᠥᠷᠥ ᠶᠢᠨ ᠪᠣᠳᠣᠯᠭ᠎ᠠ ᠨᠢ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ ᠨᠠᠩ ᠣᠯᠠᠨ ︽ᠤᠷᠬᠢᠯᠤᠮᠠᠯ ᠪᠤᠯᠠᠭ︾ ᠬᠠᠩᠭᠠᠭᠰᠠᠨ ᠪᠦᠭᠡᠳ ᠪᠠᠰᠠ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃ ᠥᠪᠥᠷ ᠮᠣᠩᠭᠤᠯ ᠤᠨ ᠡᠬᠢ ᠪᠠᠶᠠᠯᠢᠭ ᠡᠯᠪᠡᠭ ᠳᠡᠯᠪᠡᠭ ᠪᠥᠭᠡᠳ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠠᠨ ᠲᠠᠯ᠎ᠠ ᠪᠠᠷ ᠭᠥᠷᠳᠡᠵᠦ᠂ ᠬᠥᠭᠵᠢᠯᠲᠡ ᠶᠢᠨ ᠢᠷᠡᠭᠡᠳᠤᠢ ᠥᠷᠭᠡᠨ ᠠᠭᠤᠳᠠᠮ᠂ ᠮᠥᠩᠭᠦᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠯᠤᠲᠤ ᠶᠡᠭᠡ ᠪᠠᠶᠢᠨ᠎ᠠ᠃ ᠪᠢᠳᠡ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠡᠯ᠎ᠡ ᠲᠠᠯ᠎ᠠ ᠶᠢᠨ ᠠᠰᠢᠭᠲᠠᠢ ᠬᠦᠴᠦᠨ ᠵᠦᠢᠯ ᠢ ᠰᠠᠶᠢᠲᠤᠷ ᠳᠠᠶᠢᠴᠢᠯᠠᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ ᠳᠤ ᠨᠡᠩ ᠰᠠᠶᠢᠲᠤᠷ ᠦᠢᠯᠡᠴᠢᠯᠡᠵᠦ᠂ ᠳᠤᠮᠳᠠ ᠲᠦᠪᠰᠢᠨ ᠳᠤ ᠳᠡᠪᠰᠢᠨ ᠣᠷᠣᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠤ ᠬᠡᠯᠡᠪᠡ᠃    ᠰᠦᠨ ᠱᠤᠤ ᠴᠧᠩ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠮᠥᠩᠭᠦᠨ ᠭᠦᠢᠯᠭᠡᠭᠡᠨ ᠢᠶᠠᠷ ᠳᠡᠮᠵᠢᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ︽ᠤᠮᠠᠷᠠᠲᠤ ᠶᠢᠨ ᠭᠤᠷᠪᠠᠨ ᠣᠷᠣᠨ︾᠎ ᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠤᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠵᠡᠷᠭᠡ ᠠᠮᠢ ᠠᠬᠤᠶ ᠶᠢᠨ ᠢᠨᠵᠧᠨᠧᠷᠢᠩ ᠳᠤ ᠢᠳᠡᠪᠬᠢᠲᠡᠶ ᠣᠷᠣᠯᠴᠠᠭᠤᠯᠬᠤ ᠭᠡᠷᠡᠭᠳᠠᠢ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯᠭᠦᠶ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠮᠥᠩᠭᠦᠨ ᠭᠦᠢᠯᠭᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠳᠡᠢ᠃ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠳᠠᠶᠢᠴᠢᠯᠠᠨ ᠰᠢᠨ᠎ᠡ ᠡᠨᠧᠷᠭᠢ ᠰᠢᠩᠭᠡᠭᠡᠬᠦ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠬᠦ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠳ᠋ᠤᠮᠳᠠᠬᠢ ᠮᠥᠩᠭᠦᠨ ᠭᠦᠢᠯᠭᠡᠭᠡᠨ ᠤ ᠣᠷᠣᠭᠤᠯᠤᠯᠲᠠ ᠶᠢ ᠨᠡᠮᠡᠭᠳᠡᠭᠦᠯᠵᠦ᠂ ᠬᠤᠪᠣᠷ ᠰᠢᠷᠣᠶ ᠶᠢᠨ ᠰᠤᠳᠤᠯᠤᠨ ᠨᠡᠭᠡᠭᠡᠯᠲᠡ᠂ ᠪᠠᠯᠠ ᠣᠷᠣᠭᠤᠯᠤᠯᠲᠠ ᠪᠠ ᠦᠵᠦᠭᠦᠷᠯᠢᠭ ᠤᠨ ᠳᠡᠭᠡᠳᠦ ᠲᠡᠰ ᠤᠨ ᠬᠡᠷᠡᠭᠯᠡᠯᠲᠡ ᠶᠢ ᠶᠡᠭᠡ ᠪᠠᠷ ᠳᠡᠮᠵᠢᠬᠦ ᠬᠡᠷᠡᠭᠳᠡᠢ᠃ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠵᠦ᠂ ᠮᠥᠩᠭᠦᠨ ᠭᠦᠢᠯᠭᠡᠭᠡᠨ ᠤ ᠬᠥᠷᠥᠩᠭᠡ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠷᠢᠶᠠᠯᠠᠩ ᠤᠨ ᠤᠰᠤ ᠠᠷᠪᠢᠯᠠᠬᠤ ᠵᠡᠷᠭᠡ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠨᠠᠩ ᠢᠯᠡᠭᠦᠤ ᠣᠷᠣᠭᠤᠯᠬᠤ ᠶᠢ ᠬᠦᠴᠦᠯᠡᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠲᠦᠬᠦᠭᠡᠷᠦᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠵᠦ ᠬᠤᠷᠢᠵᠤ ᠲᠡᠵᠢᠭᠡᠬᠦ ᠪᠠ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠢᠳᠡᠪᠬᠢᠲᠡᠶ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠨᠠᠩ ᠰᠠᠶᠢᠲᠤᠷ ᠠᠬᠢᠭᠤᠯᠬᠤ ᠬᠡᠷᠡᠭᠳᠡᠢ᠃ ᠭᠤᠤᠯᠳᠠᠯᠭ᠎ᠠ ᠲᠠᠢ ᠪᠣᠭᠤᠮᠲᠠ ᠶᠢᠨ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠭᠡᠵᠦ ᠂ ᠨᠤᠳᠤᠬᠰᠢᠭᠤᠯᠤᠨ ᠡᠳ᠋ᠰᠢᠭᠦᠯᠬᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠵᠡᠷᠭᠡ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠳᠡᠮᠵᠢᠵᠦ᠂ ᠮᠥᠩᠭᠦᠨ ᠭᠦᠢᠯᠭᠡᠭᠡᠨ ᠤ ᠳᠣᠲᠣᠭᠠᠳᠤ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠬᠦ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠠᠴᠠ ᠳᠤᠷᠠᠳᠤᠭᠰᠠᠨ ︽ᠵᠢᠷᠭᠤᠭᠠᠨ ᠢᠨᠵᠧᠨᠧᠷᠢᠩ︾᠎ ᠳᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠭᠦᠨᠵᠡᠭᠡᠶ ᠣᠷᠣᠯᠴᠠᠬᠤ ᠬᠡᠷᠡᠭᠲᠡᠶ᠃ ᠡᠯ᠎ᠡ ᠲᠦᠷᠦᠯ ᠤᠨ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ᠂ ᠳᠤᠮᠳᠠ ᠪᠠᠭ᠎ᠠ ᠠᠵᠤ ᠠᠬᠤᠶᠢᠯᠠᠯ ᠢ ᠨᠡᠩ ᠰᠠᠶᠢᠲᠤᠷ ᠬᠠᠪᠰᠤᠷᠤᠨ ᠪᠡᠯᠡ ᠮᠥᠩᠭᠦ ᠴᠤᠭᠯᠠᠭᠤᠯᠬᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠰᠡᠯᠡᠯᠲᠡ ᠶᠢ ᠰᠢᠪᠲᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠳᠡᠢ᠃ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠷ᠎ᠡ ᠠᠰᠢᠭ ᠢ ᠳᠡᠭᠡᠭᠰᠢᠯᠡᠭᠦᠯᠵᠦ᠂ ᠪᠦᠲᠦᠴᠡ ᠶᠢ ᠳᠣᠭᠢᠷᠠᠭᠤᠯᠤᠨ᠂ ᠲᠠᠪᠴᠠᠩ ᠢ ᠴᠢᠩᠭᠠᠳᠬᠠᠵᠤ᠂ ᠲᠣᠭᠲᠠᠴᠠ ᠶᠢ ᠥᠭᠡᠷᠡᠴᠢᠯᠡᠨ ᠰᠠᠶᠢᠵᠢᠷᠠᠭᠤᠯᠵᠤ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠪᠠᠷ ᠴᠢᠷᠮᠠᠶᠢᠬᠤ ᠬᠡᠷᠡᠭᠲᠡᠶ᠃ ︽ᠤᠷᠳᠤ ᠰᠢᠳᠦ ᠲᠠᠢ ᠥᠷᠭᠡᠰᠦ ᠲᠠᠢ︾ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠰᠲᠤᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡ ᠬᠦ ᠭᠤᠣᠯ ᠰᠢᠵᠢᠮ ᠢ ᠰᠠᠶᠢᠲᠤᠷ ᠲᠤᠭᠤᠰᠢᠯᠠᠭᠤᠯᠵᠤ᠂ ᠮᠥᠩᠭᠦᠨ ᠭᠦᠢᠯᠭᠡᠭᠡᠨ ᠤ ᠺᠠᠳ᠋ᠷ ᠴᠢᠳᠠᠪᠤᠷᠢᠲᠠᠨ ᠤ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢ ᠶᠡᠭᠡ ᠪᠠᠷ ᠪᠤᠢ ᠪᠣᠯᠭᠠᠬᠤ ᠬᠡᠷᠡᠭᠲᠡᠢ ᠭᠡᠵᠦ ᠬᠡᠯᠡᠪᠡ᠃    ᠶᠠᠩ ᠸᠧᠢ ᠳ᠋ᠦᠩ᠂ ᠯᠢᠦ ᠱᠤᠸᠠᠩ᠂ ᠪᠤᠤ ᠭᠠᠩ᠂ ᠳ᠋ᠢᠩ ᠰᠢᠤ ᠹᠤᠩ᠂ ᠮᠤᠩ ᠰᠢᠶᠠᠨ ᠳ᠋ᠦᠩ᠂ ᠵᠠᠩ ᠱᠤᠤ ᠴᠦᠨ᠂ ᠵᠠᠩ ᠪᠠᠢ ᠴᠧᠩ᠂ ᠶᠠᠩ ᠵᠢᠶᠤ᠂ ᠶᠠᠩ ᠽᠦᠩ ᠷᠧᠨ ᠬᠤᠷᠠᠯ ᠳᠤ ᠣᠷᠣᠯᠴᠠᠪᠠ᠃ ᠬᠤᠸᠠᠩ ᡁᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠬᠥᠬᠡᠬᠤᠲᠠ᠂ ᠤᠯᠠᠭᠠᠨᠬᠠᠳᠠ ᠬᠤᠲᠠ᠂ ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠦᠨᠡᠳᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠵᠥᠪᠯᠡᠯ ᠤᠨ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号