ᠪᠦᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠪᠦᠬᠦ ᠤᠯᠤᠰ ᠤᠨ ᠤᠰᠤᠨ ᠰᠢᠰᠲ᠋ᠧᠮ ᠢ ᠬᠤᠯᠪᠣᠭᠰᠠᠨ | ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ | ᠤ ᠢᠷᠠᠭᠤ ᠠᠯᠳᠠᠷ ᠤᠨ ᠠᠷᠤ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠬᠡᠮᠡᠷᠯᠢᠭ ᠬᠠᠭᠤᠳᠠᠰᠤ ᠪᠣᠯᠤᠨ᠎ᠠ᠃ | ᠣᠶᠢᠷ᠎ᠠ ᠶᠢᠨ ᠵᠢᠯ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠ ᠶᠡᠭᠡ ᠤᠯᠤᠰ ᠲᠥᠷᠥ ᠶᠢᠨ | ᠡᠭᠦᠷᠭᠡ᠂ ᠠᠷᠠᠳ ᠤᠨ ᠠᠮᠢᠳᠤᠷᠠᠯ ᠤᠨ ᠡᠭᠦᠷᠭᠡ ᠪᠣᠯᠤᠨ ᠬᠤᠷᠢᠭ᠎ᠠ ᠱᠤᠭᠤᠮ ᠤᠨ ᠡᠭᠦᠷᠭᠡ ᠪᠣᠯᠭᠠᠬᠤ ᠶᠢ ᠪᠦᠬᠦ | ᠲᠠᠯ᠎ᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠲᠠᠯ᠎ᠠ ᠪᠣᠯᠤᠨ ᠪᠦᠬᠦ ᠶᠠᠪᠤᠴᠠ ᠳᠤ ᠠᠭᠤᠰᠤᠯᠴᠠᠭᠤᠯᠵᠤ᠂ ᠨᠢᠰᠬᠡᠯ ᠢᠶᠠᠷ ᠲᠠᠷᠢᠵᠤ | ᠣᠶᠢᠵᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠠᠭᠤᠯᠠ ᠤᠰᠤ ᠣᠢ ᠰᠢᠭᠤᠢ ᠲᠠᠷᠢᠶᠠᠨ ᠭᠠᠵᠠᠷ | ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠬᠡᠪᠡᠷ | ᠬᠥᠭᠵᠢᠭᠦᠯᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ ᠤ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠲᠦᠷᠭᠡᠨ ᠲᠣᠭᠲᠠᠭᠤᠨ ᠪᠠᠶᠢᠵᠤ᠂ ᠣᠯᠤᠭᠰᠠᠨ ᠠᠮᠵᠢᠯᠲᠠ ᠨᠢ ᠨᠢᠳᠦ ᠭᠢᠯᠠᠰᠤᠮ᠎ᠠ ᠪᠠᠶᠢᠨ᠎ᠠ᠄ ᠣᠢ | ᠰᠢᠭᠤᠢ ᠶᠢᠨ ᠪᠦᠷᠬᠦᠴᠡ ᠶᠢᠨ ᠨᠣᠷᠮ᠎ᠠ ᠪᠠ ᠲᠠᠯ᠎ᠠ ᠨᠤᠲᠤᠭ ᠤᠨ ᠶᠡᠷᠦᠩᠬᠡᠢ ᠤᠷᠭᠤᠮᠠᠯ ᠤᠨ ᠬᠤᠴᠢᠯᠭ᠎ᠠ ᠶᠢᠨ | ᠬᠡᠮᠵᠢᠶ᠎ᠡ ᠨᠢ ᠲᠤᠰ ᠲᠤᠰ 2017 ᠣᠨ ᠤ 17.64% ᠪᠠ 35.17% ᠪᠠᠶᠢᠭᠰᠠᠨ ᠠᠴᠠ ᠪᠠᠨ ᠣᠳᠣ 18. | 8% ᠪᠠ 76.77% ᠳᠤ ᠬᠦᠷᠴᠦ᠂ ᠪᠣᠬᠢᠷᠲᠤᠯ ᠦᠭᠡᠢ ᠬᠡᠪᠯᠡᠯ ᠤᠨ ᠵᠢᠷᠤᠭ ᠢ ᠥᠷᠭᠡᠳᠬᠡᠵᠦ᠂ ︽ᠬᠤᠶᠠᠷ | ᠠᠭᠤᠯᠠ︾ ᠶᠢᠨ ᠣᠨᠣᠯ ᠢ ᠡᠯᠪᠡᠭ ᠦᠷ᠎ᠡ ᠪᠦᠲᠦᠭᠡᠯ ᠣᠯᠪᠠ᠃ | ︽ᠡᠨᠡ ᠭᠠᠵᠠᠷ ᠤᠤᠯ ᠨᠢ ᠡᠯᠡᠰᠦᠨ ᠡᠭᠦᠷ ᠪᠠᠶᠢᠭᠰᠠᠨ ᠪᠥᠭᠡᠳ ᠣᠳᠣ ᠵᠤᠨ ᠠᠳᠡ ᠵᠣᠭᠰᠣᠨ ᠠᠯᠤᠰ ᠢ | ᠪᠠᠷᠠᠯᠠᠵᠤ᠂ ᠨᠢᠳᠦ ᠳᠦᠭᠦᠷᠡᠩ ᠨᠣᠭᠤᠭᠠᠨ ᠥᠩᠭᠡ ᠲᠠᠢ᠂ ᠲᠦᠮᠡ ᠰᠢᠬᠠᠮ ᠮᠦ ᠵᠠᠯᠭᠠᠯᠳᠤᠭᠰᠠᠨ ᠣᠢ ᠮᠣᠳᠣ ᠶᠠᠭ | ᠨᠢᠭᠡ ᠵᠤᠷᠪᠤᠰ ᠨᠣᠭᠤᠭᠠᠨ ᠤᠷᠲᠤ ᠴᠠᠭᠠᠨ ᠬᠡᠷᠡᠮ ᠮᠡᠲᠦ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠬᠥᠬᠡ ᠳᠣᠪᠤ ᠭᠠᠴᠠᠭᠠᠨ ᠤ ᠣᠢ ᠰᠢᠭᠤᠢ ᠬᠠᠮᠠᠭᠠᠯᠠᠭᠴᠢ ᠵᠢᠢ | ᠲᠢᠶᠠᠨ ᠬᠣ᠋ ᠨᠢᠰᠬᠡᠯ ᠢᠶᠠᠷ ᠰᠢᠭᠤᠶᠢᠲᠤ ᠣᠷᠣᠨ ᠢ ᠵᠢᠭᠠᠨ ᠵᠢᠯᠣᠭᠤᠳᠴᠤ ᠣᠮᠣᠭᠰᠢᠵᠤ ᠪᠠᠶᠢᠨ᠎ᠠ᠃ | 2014 ᠣᠨ ᠳᠤ᠂ ᠭᠤᠣᠯ ᠤᠨ ᠪᠠᠶᠢᠰᠢᠩ ᠪᠠᠯᠭᠠᠰᠤᠨ ᠤ ᠬᠥᠬᠡ ᠳᠣᠪᠤ ᠭᠠᠴᠠᠭ᠎ᠠ ᠶᠢ ᠨᠢᠰᠬᠡᠯ ᠢᠶᠠᠷ | ᠣᠶᠢᠵᠢᠭᠤᠯᠬᠤ ᠣᠶᠢᠲᠤ ᠣᠷᠣᠨ ᠢᠶᠠᠷ ᠲᠣᠭᠲᠠᠭᠠᠵᠤ᠂ ᠣᠶᠢᠵᠢᠭᠤᠯᠬᠤ ᠲᠠᠯᠠᠪᠠᠢ ᠨᠢ 1 ᠲᠦᠮᠡᠨ ᠮᠦ ᠬᠦᠷᠪᠡ᠂ | ᠡᠭᠦᠨ ᠠᠴᠠ ᠬᠤᠶᠢᠰᠢ ᠤᠯᠠᠷᠢᠯ ᠤᠨ ᠲᠠᠷᠢᠶᠠᠨ ᠭᠠᠵᠠᠷ ᠡᠳᠦᠷ ᠪᠦᠷᠢ ᠰᠢᠭᠤᠶᠢᠲᠤ ᠣᠷᠣᠨ ᠤ ᠬᠠᠷᠭᠠᠨ᠎ᠠ ᠶᠢ | ᠲᠣᠭᠤᠷᠢᠨ ᠪᠠᠶᠢᠴᠠᠭᠠᠵᠤ᠂ ᠢᠮᠠᠬᠤ ᠪᠦᠷᠢ ᠶᠢᠨ ᠭᠠᠵᠠᠷ ᠰᠢᠷᠣᠢ ᠶᠢᠨ ᠬᠤᠪᠢᠷᠠᠯᠲᠠ ᠶᠢ ᠠᠯᠬᠤᠮ ᠠᠯᠬᠤᠮ ᠢᠶᠠᠷ | ᠬᠡᠮᠵᠢᠵᠦ᠂ ︽ᠡᠨᠡ ᠬᠦ ︿ᠨᠣᠭᠤᠭᠠᠨ ᠤᠷᠲᠤ ᠴᠠᠭᠠᠨ ᠬᠡᠷᠡᠮ﹀ ᠲᠠᠢ ᠪᠣᠯᠤᠭᠰᠠᠨ ᠠᠴᠠ ᠣᠳᠣ ᠵᠢᠯ ᠪᠦᠷᠢ ᠶᠢᠨ | ᠬᠠᠪᠤᠷ ᠡᠪᠦᠯ ᠡᠯᠡᠰᠦᠨ ᠰᠢᠭᠤᠷᠭ᠎ᠠ ᠳᠡᠭᠳᠡᠵᠦ ᠪᠠᠶᠢᠭ᠎ᠠ ᠡᠳᠦᠷ ᠴᠥᠭᠡᠨ ᠮᠥᠷᠲᠡᠭᠡᠨ ᠪᠠᠭ᠎ᠠ ᠪᠣᠯᠵᠠᠢ︾ ᠭᠡᠪᠡ᠃ ᠣᠢ | ᠱᠢᠭᠤᠢ ᠶᠢ ᠬᠠᠮᠠᠭᠠᠯᠠᠬᠤ ᠨᠢ 10 ᠵᠢᠯ ᠱᠢᠬᠠᠮ ᠪᠣᠯᠵᠣ᠂ ᠤᠯᠠᠷᠢᠯ ᠤᠨ ᠲᠢᠶᠠᠨ ᠬᠤ ᠨᠢᠰᠬᠡᠯ ᠢᠶᠠᠷ ᠣᠶᠢᠵᠢᠭᠤᠯᠵᠤ | ᠣᠶᠢᠵᠢᠭᠤᠯᠵᠤ ᠪᠠᠶᠢᠭ᠎ᠠ ᠬᠥᠮᠦᠰ ᠤᠨ ᠰᠡᠳᠬᠢᠯ ᠢ ᠪᠠᠶᠠᠰ ᠭᠠᠨᠠ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠮᠢ ᠠᠬᠤᠢ ᠶᠢᠨ ᠵᠠᠰᠠᠯᠲᠠ ᠶᠢᠨ ︽ᠵᠠᠪᠠᠯ ᠬᠠᠷᠢᠭᠤᠯᠬᠤ ᠰᠡᠳᠦᠪ︾ ᠮᠥᠨ᠃ | ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ ᠶᠢ ᠦᠷᠭᠦᠯᠵᠢᠯᠡᠨ ᠨᠡᠮᠡᠭᠳᠡᠭᠦᠯᠬᠦ ᠶᠢᠨ ᠲᠥᠯᠥᠭᠡ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠨᠳᠥᠷ ᠪᠠᠷᠢᠮᠵᠢᠶ᠎ᠠ ᠪᠠᠷ ᠮᠣᠳᠣ ᠲᠠᠷᠢᠵᠤ | ᠣᠶᠢᠵᠢᠭᠤᠯᠬᠤ ᠶᠢ ᠲᠦᠯᠬᠢᠨ ᠠᠬᠢᠭᠤᠯᠵᠤ᠂ ᠤᠷᠢᠳ ᠬᠤᠵᠢᠳ ᠪᠤᠲᠠ ᠮᠣᠳᠣᠨ ᠤ ᠣᠢ ᠶᠢ ᠲᠡᠭᠰᠢᠯᠡᠨ | ᠰᠠᠶᠢᠵᠢᠷᠠᠭᠤᠯᠬᠤ ᠲᠥᠷᠥᠯ ᠵᠦᠢᠯ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠷᠥᠯ ᠵᠦᠢᠯ ᠵᠡᠷᠭᠡ ᠴᠢᠬᠤᠯᠠ | ᠶᠡᠭᠡ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ | ᠬᠢᠭᠡᠳ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ | ᠬᠤᠣᠰ ᠨᠡᠮᠡᠭᠳᠡᠯ᠂ ᠠᠮᠢ ᠠᠬᠤᠢ ᠶᠢᠨ ᠲᠣᠭᠲᠠᠪᠤᠷᠢᠲᠤ ᠴᠢᠨᠠᠷ ᠬᠢᠭᠡᠳ ᠦᠷᠭᠦᠯᠵᠢᠯᠡᠬᠦ ᠴᠢᠨᠠᠷ ᠤᠨ ᠬᠤᠣᠰ | ᠳᠡᠭᠡᠭᠰᠢᠯᠡᠯᠲᠡ ᠶᠢ ᠪᠡᠶᠡᠯᠡᠭᠦᠯᠦᠨ᠎ᠡ᠃ | ︽ᠡᠳᠡᠭᠡᠷ ᠵᠤᠯᠵᠠᠭ᠎ᠠ ᠮᠣᠳᠣ ᠪᠣᠯ ᠮᠠᠨ ᠤ ᠡᠨᠡ ᠵᠢᠯ ᠤᠨ ᠲᠠᠷᠢᠭᠰᠠᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠮᠥᠨ | ᠂ ᠲᠡᠷᠡ ᠨᠢ ᠣᠳᠣ ᠪᠠᠭ᠎ᠠ ᠪᠠᠶᠢᠨ᠎ᠠ᠂ ᠢᠷᠡᠬᠦ ᠵᠢᠯ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ | ᠳᠡᠭᠡᠷ᠎ᠡ ᠯᠤᠲᠤ ᠶᠡᠭᠡ ᠦᠢᠯᠡᠳᠦᠯ ᠦᠵᠡᠭᠦᠯᠵᠦ ᠲᠠᠶᠢᠯᠤᠨ᠎ᠠ︾ ᠭᠡᠵᠦ ᠶᠠᠷᠢᠵᠤ ᠪᠠᠶᠢᠯ᠎ᠠ᠃ ᠪᠠᠶᠠᠨᠬᠤᠰᠢᠭᠤ | ᠪᠠᠯᠭᠠᠰᠤᠨ ᠤ ᠳ᠋ᠦ᠋ ᠰᠢ ᠡᠩᠭᠡᠷ ᠭᠠᠴᠠᠭᠠᠨ ᠤ ᠠᠷᠠᠳ ᠴᠧᠨ ᠢᠦᠢ ᠯᠢᠨ ᠤ ᠬᠤᠷᠤᠭᠤᠨ ᠵᠦᠭ ᠲᠤ ᠸᠧᠨ ᠭᠤᠸᠠᠨ | ᠵᠢᠮᠢᠰ ᠤᠨ ᠠᠵᠤ ᠠᠬᠤᠢ ᠶᠢᠨ ᠣᠢ ᠶᠢᠨ ᠰᠠᠭᠤᠷᠢᠨ ᠭᠠᠵᠠᠷ ᠤᠨ ᠳᠣᠲᠣᠷᠠᠬᠢ ᠨᠢᠭᠡ ᠮᠥᠷ ᠬᠡᠭᠡᠷ᠎ᠡ ᠶᠢᠨ ᠲᠠᠤᠯᠠᠢ ᠶᠢᠨ | ᠪᠥᠭᠡᠷ᠎ᠡ ᠶᠢᠨ ᠵᠤᠯᠵᠠᠭ᠎ᠠ ᠮᠣᠳᠣ ᠠᠳᠡ ᠲᠡᠨᠳᠡ ᠲᠠᠷᠬᠠᠵᠤ᠂ ᠲᠦᠮᠡᠨ ᠮᠦ ᠠᠭᠤᠯᠠ ᠳᠠᠪᠠᠭᠠᠨ ᠳᠤ ᠰᠢᠨ᠎ᠡ ︽ | ᠬᠤᠪᠴᠠᠰᠤ︾ ᠨᠥᠮᠥᠷᠴᠦ ᠥᠭᠪᠡ᠃ | ᠴᠧᠨ ᠢᠦᠢ ᠯᠢᠨ ᠮᠣᠳᠣ ᠲᠠᠷᠢᠬᠤ ᠲᠤᠬᠠᠢ ᠶᠠᠷᠢᠬᠤ ᠳᠤ᠂ ︽ᠵᠤᠯᠵᠠᠭ᠎ᠠ ᠮᠣᠳᠣᠨ ᠤ ᠡᠳᠡᠭᠡᠷᠡᠯᠲᠡ ᠶᠢᠨ | ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠴᠢᠳ ᠲᠣᠭᠲᠠᠭᠰᠠᠨ ᠬᠤᠭᠤᠴᠠᠭ᠎ᠠ ᠲᠠᠢ ᠪᠠᠷ ᠵᠤᠯᠵᠠᠭ᠎ᠠ | ᠮᠣᠳᠣ ᠶᠢ ᠠᠷᠠᠴᠢᠯᠠᠨ ᠬᠠᠮᠠᠭᠠᠯᠠᠵᠤ᠂ ᠡᠳᠦᠷ ᠪᠦᠷᠢ ᠳᠤᠮᠳᠠᠴᠢ ᠪᠠᠷ 10 ᠭᠠᠷᠤᠢ ᠲᠡᠷᠭᠡ ᠪᠠᠷ ᠤᠰᠤᠯᠠᠵᠤ᠂ | ᠰᠡᠭᠦᠯᠴᠢ ᠶᠢᠨ ᠬᠤᠭᠤᠴᠠᠭᠠᠨ ᠳᠤ ᠪᠠᠰᠠ ᠡᠪᠡᠰᠦ ᠠᠷᠢᠯᠭᠠᠬᠤ᠂ ᠬᠠᠰᠢᠶᠠᠯᠠᠬᠤ ᠵᠡᠷᠭᠡ ᠠᠵᠢᠯ ᠢ ᠬᠢᠬᠦ ᠪᠣᠯᠤᠨ᠎ᠠ︾ | ᠬᠡᠵᠤ ᠴᠧᠨ ᠢᠦᠢ ᠯᠢᠩ ᠮᠣᠳᠣᠨ ᠤ ᠪᠠᠶᠢᠳᠠᠯ ᠢ ᠪᠠᠶᠢᠴᠠᠭᠠᠨ ᠦᠵᠡᠬᠦ ᠶᠢᠨ ᠳᠠᠭᠠᠤ ᠬᠡᠯᠡᠪᠡ᠃ | ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤ ᠲᠥᠯᠥᠪᠵᠢᠭᠦᠯᠬᠦ ᠶᠢᠨ ᠳᠠᠭᠠᠤ ᠵᠠᠰᠠᠵᠤ᠂ ᠵᠠᠰᠠᠬᠤ ᠶᠢᠨ ᠳᠠᠭᠠᠤ ᠲᠡᠭᠦᠯᠳᠡᠷᠵᠢᠭᠦᠯᠵᠦ᠂ | 2023 ᠣᠨ ᠳᠤ ᠪᠦᠬᠦ ᠬᠤᠰᠢᠭᠤ ᠪᠠᠷ ᠢᠶᠠᠨ ᠨᠡᠶᠢᠲᠡ 73794 ᠮᠦ ᠣᠶᠢᠵᠢᠭᠤᠯᠵᠤ᠂ ᠪᠦᠬᠦ ᠠᠷᠠᠳ ᠤᠨ ᠠᠯᠪᠠᠨ | ᠵᠢᠷᠤᠮ ᠤᠨ 70 ᠲᠦᠮᠡᠨ ᠰᠠᠭᠤᠷᠢ ᠮᠣᠳᠣ ᠲᠠᠷᠢᠬᠤ ᠶᠢ ᠪᠡᠶᠡᠯᠡᠭᠦᠯᠵᠦ᠂ ᠪᠣᠬᠢᠷᠲᠤᠯ ᠦᠭᠡᠢ ᠠᠮᠢ ᠠᠬᠤᠢ ᠶᠢᠨ | ᠬᠠᠯᠬᠠᠪᠴᠢ ᠶᠢ ᠪᠠᠶᠢᠭᠤᠯᠪᠠ᠃ | 2023 ᠣᠨ ᠳᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠪᠣᠯᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠨᠢ ᠥᠪᠥᠷ ᠮᠣᠩᠭᠤᠯ ᠳᠤ | ᠡᠬᠢᠯᠡᠪᠡ᠃ | ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠤᠯᠠᠷᠢᠯ ᠪᠣᠯᠬᠤ ᠪᠦᠷᠢ᠂ ᠬᠤᠷᠴᠢᠨ ᠤ ᠤᠯᠤᠰ ᠤᠨ ᠳᠡᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠤᠰᠤᠨ ᠤ ᠭᠠᠳᠠᠷᠭᠤ ᠶᠢᠨ ᠪᠢᠴᠢᠯ ᠳᠣᠯᠭᠢᠶᠠᠨ ᠵᠢᠭᠰᠠᠭᠠᠯ | ᠶᠠᠪᠤᠭᠤᠯᠵᠤ᠂ ᠭᠤᠷᠪᠠ ᠲᠠᠪᠤ ᠪᠠᠷ ᠰᠦᠷᠦᠭᠵᠢᠭᠰᠡᠨ ᠨᠡᠭᠦᠳᠡᠯ ᠤᠨ ᠰᠢᠪᠠᠭᠤ ᠤᠰᠤᠨ ᠳᠤ ᠨᠠᠭᠠᠳᠴᠤ᠂ ᠬᠥᠬᠡ | ᠣᠭᠲᠠᠷᠭᠤᠢ᠂ ᠴᠠᠭᠠᠨ ᠡᠭᠦᠯᠡ᠂ ᠨᠣᠮᠢᠨ ᠤᠰᠤᠨ ᠤ ᠰᠠᠶᠢᠨ ᠰᠠᠶᠢᠬᠠᠨ ᠠᠮᠢ ᠠᠬᠤᠢ ᠶᠢᠨ ᠵᠢᠷᠤᠭ ᠵᠡᠷᠭᠡ ᠪᠠᠷ | ᠶᠠᠪᠤᠭᠳᠠᠪᠠ᠃ | ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠣᠷᠴᠢᠨ ᠲᠣᠭᠤᠷᠢᠨ ᠤᠯᠠᠮ ᠠᠴᠠ ᠤᠯᠠᠮ ᠭᠤᠶᠢᠳᠠ ᠰᠠᠶᠢᠬᠠᠨ | ᠪᠣᠯᠵᠣ᠂ ᠲᠦᠮᠡᠨ ᠰᠠᠭᠤᠭᠠᠯᠢ ᠠᠷᠠᠳ ᠤᠨ ᠲᠥᠷᠥᠭᠳᠡᠯ ᠢᠶᠠᠷ ᠪᠠᠷᠠᠬᠤ ᠦᠭᠡᠢ᠂ ᠨᠡᠩ ᠴᠤ ᠨᠡᠭᠦᠳᠡᠯ ᠤᠨ | ᠰᠢᠪᠠᠭᠤ ᠪᠠᠷ ᠭᠡᠷᠡᠴᠢᠯᠡᠭᠳᠡᠨᠡ᠄ 2022 ᠣᠨ ᠳᠤ 20 ᠭᠠᠷᠤᠢ ᠵᠢᠯ ᠦᠷᠡᠵᠢᠨ ᠲᠥᠯᠵᠢᠭᠰᠡᠭᠡᠷ ᠳ᠋ᠦᠩ ᠹᠠᠩ | ᠴᠠᠭᠠᠨ ᠥᠷᠪᠢ ᠠᠳᠡ ᠨᠤᠲᠤᠭᠰᠢᠨ ᠰᠠᠭᠤᠷᠢᠰᠢᠪᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠮ ᠳᠡᠭᠡᠷᠡᠬᠢ ︽ᠪᠣᠬᠢᠷᠲᠤᠯ ᠦᠭᠡᠢ ᠶᠡᠭᠡ ᠰᠢᠯᠭᠠᠯᠲᠠ︾ | ᠶᠢᠨ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠠᠷᠢᠨ ᠵᠦᠢᠯᠡᠰ ᠠᠴᠠ ᠭᠠᠷᠳᠠᠵᠤ᠂ | ᠪᠣᠳᠠᠲᠠᠢ ᠠᠴᠠ ᠡᠭᠦᠰᠴᠦ᠂ ᠬᠥᠬᠡ ᠣᠭᠲᠠᠷᠭᠤᠢ᠂ ᠲᠤᠩᠭᠠᠯᠠᠭ ᠤᠰᠤ᠂ ᠨᠢᠭᠡ ᠬᠡᠰᠡᠭ ᠭᠠᠵᠠᠷ ᠰᠢᠷᠣᠢ ᠶᠢ | ᠬᠠᠮᠠᠭᠠᠯᠠᠬᠤ ᠠᠴᠠ ᠡᠬᠢᠯᠡᠵᠡᠢ᠃ | — ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠪᠡ᠃ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ ᠡᠨᠧᠷᠭᠢ ᠡᠯᠪᠡᠭ ᠳᠡᠯᠪᠡᠭ ᠪᠠᠶᠢᠬᠤ ᠳᠠᠪᠠᠭᠤᠯᠢᠭ ᠪᠠ ᠠᠮᠢ ᠠᠬᠤᠢ ᠶᠢᠨ | ᠣᠷᠣᠨ ᠵᠠᠢ ᠶᠢᠨ ᠪᠠᠶᠢᠷᠢᠰᠢᠭᠤᠯᠤᠯ ᠳᠤ ᠰᠠᠭᠤᠷᠢᠯᠠᠨ᠂ ︽ᠥᠩᠭᠡ ᠦᠵᠡᠮᠵᠢ ᠬᠡᠷᠡᠯ ᠬᠠᠳᠠᠭᠠᠯᠠᠬᠤ︾ ᠪᠠᠷ ᠭᠤᠣᠯ | ᠪᠣᠯᠭᠠᠭᠰᠠᠨ ᠴᠡᠪᠡᠷ ᠡᠨᠧᠷᠭᠢ ᠶᠢᠨ ᠠᠵᠤ ᠦᠢᠯᠡᠰ ᠢ ᠡᠮᠬᠢ ᠵᠢᠷᠤᠮ ᠲᠠᠢ ᠬᠥᠭᠵᠢᠭᠦᠯᠵᠦ᠂ ᠠᠵᠤ ᠦᠢᠯᠡᠰ ᠤᠨ | ᠪᠦᠲᠦᠴᠡ ᠶᠢ ᠪᠣᠬᠢᠷᠲᠤᠯ ᠦᠭᠡᠢ᠂ ᠡᠷᠭᠢᠯᠲᠡᠲᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ | ᠲᠠᠰᠤᠷᠠᠯᠲᠠ ᠥᠬᠡᠶ ᠰᠢᠯᠢᠳᠡᠭᠵᠢᠭᠦᠯᠬᠦ ᠶᠢ ᠠᠬᠢᠭᠤᠯᠪᠠ᠃ | — ᠴᠡᠩᠭᠡᠭ ᠤᠰᠤᠨ ᠤ ᠬᠠᠮᠠᠭᠠᠯᠠᠯᠲᠠ ᠶᠢᠨ ᠳᠠᠶᠢᠨ ᠤ ᠢᠯᠠᠯᠲᠠ ᠶᠢ ᠡᠷᠡᠰ ᠲᠡᠮᠡᠴᠡᠨ ᠣᠯᠤᠶ᠎ᠠ᠃ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ ᠳᠥᠷᠪᠡᠨ ᠶᠡᠭᠡ ᠰᠠᠪᠠ ᠭᠠᠵᠠᠷ ᠢ ᠵᠠᠰᠠᠬᠤ ᠪᠠᠷ ᠬᠠᠷᠠᠯᠲᠠ ᠪᠣᠯᠭᠠᠨ ᠬᠥᠷᠥᠰᠥ | ᠰᠢᠷᠣᠢ ᠶᠢ ᠬᠠᠮᠠᠭᠠᠯᠠᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠵᠢᠵᠢᠭ ᠰᠠᠪᠠ ᠭᠠᠵᠠᠷ ᠢ ᠵᠠᠰᠠᠬᠤ | ᠲᠥᠷᠥᠯ ᠵᠦᠢᠯ ᠢ ᠠᠬᠢᠭᠤᠯᠵᠤ᠂ ᠪᠠᠶᠢᠷᠢᠯᠠᠭᠤᠯᠤᠯᠲᠠ ᠶᠢᠨ ᠲᠠᠯ᠎ᠠ ᠪᠠᠷ ᠵᠢᠵᠢᠭ ᠰᠠᠪᠠ ᠭᠠᠵᠠᠷ ᠢᠶᠠᠷ ᠨᠢᠭᠡᠴᠢ ᠪᠣᠯᠭᠠᠨ᠂ | ᠲᠣᠰᠬᠤᠨ ᠢᠶᠠᠷ ᠰᠠᠭᠤᠷᠢ ᠪᠣᠯᠭᠠᠵᠤ᠂ ᠵᠠᠮ ᠢᠶᠠᠷ ᠭᠤᠣᠯ ᠬᠦᠴᠦᠨ ᠪᠣᠯᠭᠠᠵᠤ᠂ ᠲᠥᠪᠯᠡᠷᠡᠭᠦᠯᠦᠨ ᠵᠠᠯᠭᠠᠯᠳᠤᠭᠤᠯᠬᠤ ᠶᠢ | ᠪᠠᠷᠢᠮᠲᠠᠯᠠᠪᠠ︔ ᠢᠨᠵᠧᠨᠧᠷᠢᠩ ᠤᠨ ᠠᠷᠭ᠎ᠠ ᠬᠡᠮᠵᠢᠶ᠎ᠡ ᠬᠢᠭᠡᠳ ᠠᠮᠢ ᠠᠬᠤᠢ ᠶᠢᠨ ᠠᠷᠭ᠎ᠠ ᠬᠡᠮᠵᠢᠶ᠎ᠡ ᠶᠢ ᠬᠠᠷᠢᠯᠴᠠᠨ | ᠤᠶᠠᠯᠳᠤᠭᠤᠯᠵᠤ᠂ ᠶᠡᠷᠦᠩᠬᠡᠶᠢᠯᠡᠭᠰᠡᠨ ᠰᠡᠷᠭᠡᠶᠢᠯᠡᠨ ᠬᠠᠮᠠᠭᠠᠯᠠᠬᠤ ᠰᠢᠰᠲ᠋ᠧᠮ ᠢ ᠪᠣᠢ ᠪᠣᠯᠭᠠᠵᠤ᠂ ᠪᠠᠶᠢᠭᠠᠯᠢ ᠶᠢᠨ ᠡᠬᠢ | ᠪᠠᠶᠠᠯᠢᠭ ᠢ ᠭᠦᠢᠴᠡᠳ ᠠᠰᠢᠭᠯᠠᠬᠤ ᠶᠢ ᠪᠡᠶᠡᠯᠡᠭᠦᠯᠵᠦ᠂ ᠰᠠᠪᠠ ᠭᠠᠵᠠᠷ ᠤᠨ ᠳᠣᠲᠣᠷᠠᠬᠢ ᠣᠢ ᠰᠢᠭᠤᠢ ᠡᠪᠡᠰᠦ | ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠪᠡ᠃ | ᠬᠥᠳᠡᠭᠡ ᠲᠣᠰᠭᠤᠨ ᠤ ᠣᠷᠣᠱᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ | ᠥᠷᠨᠢᠭᠦᠯᠦᠨ᠎ᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠲᠤᠨ ᠤ ᠤᠳᠤᠷᠢᠳᠤᠯᠭ᠎ᠠ ᠱᠠᠲᠤ ᠬᠤᠪᠢᠶᠠᠨ | ᠬᠠᠷᠢᠭᠤᠴᠠᠵᠤ᠂ ︽ᠨᠢᠭᠡ ᠵᠢᠯ ᠳᠤ ᠳᠥᠷᠪᠡ ᠤᠳᠠᠭ᠎ᠠ ᠲᠥᠪᠯᠡᠷᠡᠭᠦᠯᠦᠨ ᠴᠡᠪᠡᠷᠯᠡᠬᠦ᠂ ᠲᠣᠭᠲᠠᠴᠠ ᠪᠠᠶᠢᠭᠤᠯᠤᠨ ᠵᠢᠯ | ᠲᠤᠷᠰᠢ ᠴᠡᠪᠡᠷᠯᠡᠬᠦ᠂ ᠡᠭᠦᠳᠡᠨ ᠡᠮᠦᠨᠡᠬᠢ ︿ᠳᠥᠷᠪᠡ ᠶᠢ ᠳᠠᠭᠠᠭᠠᠴᠢᠯᠠᠬᠤ﹀ ᠰᠠᠨᠠᠭᠠᠴᠢᠯᠠᠭ᠎ᠠ ᠠᠴᠠ ᠪᠠᠨ ᠴᠡᠪᠡᠷᠯᠡᠬᠦ︾ | ᠶᠡᠷᠦᠩᠬᠡᠢ ᠱᠠᠭᠠᠷᠳᠠᠯᠭ᠎ᠠ ᠶᠣᠰᠣᠭᠠᠷ᠂ ᠠᠶᠢᠯ ᠲᠣᠰᠬᠤᠨ ᠢ ᠴᠡᠪᠡᠷᠰᠢᠭᠦᠯᠬᠦ ᠶᠢ ᠦᠷᠭᠦᠯᠵᠢᠯᠡᠨ ᠠᠬᠢᠭᠤᠯᠵᠤ᠂ ᠨᠡᠩ | ᠴᠡᠪᠡᠷ ᠴᠡᠮᠴᠡᠭᠡᠷ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠᠰᠠ ᠡᠯᠡᠰᠦ ᠶᠢ ᠵᠠᠰᠠᠬᠤ᠂ ᠤᠰᠤ ᠶᠢ ᠵᠠᠰᠠᠬᠤ᠂ | ᠠᠭᠤᠯᠠ ᠶᠢ ᠵᠠᠰᠠᠬᠤ ᠪᠦᠬᠦ ᠡᠯᠧᠮᠧᠨ᠋ᠲ ᠢ ᠠᠬᠢᠭᠤᠯᠬᠤ ᠶᠢ ᠪᠠᠷᠢᠮᠲᠠᠯᠠᠵᠤ᠂ ᠠᠭᠤᠯᠠ ᠤᠰᠤ ᠣᠢ ᠮᠣᠳᠣ ᠭᠠᠵᠠᠷ ᠲᠠᠷᠢ᠊ | ᠡᠶ᠎ᠡ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ᠂ ᠤᠰᠤ ᠦᠵᠡᠰᠬᠦᠯᠡᠩ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ | ᠵᠢᠵᠢᠭ ᠰᠠᠪᠠ ᠭᠠᠵᠠᠷ ᠤᠨ ᠲᠥᠷᠥᠯ ᠵᠦᠢᠯ ᠢ ᠵᠠᠰᠠᠬᠤ ᠵᠡᠷᠭᠡ ᠠᠯᠢ ᠣᠯᠠᠨ ᠡᠯᠡᠰᠦᠷᠬᠡᠭ ᠭᠠᠵᠠᠷ ᠢ ᠵᠠᠰᠠᠬᠤ᠂ ᠣᠢ | ᠰᠢᠭᠤᠢ ᠡᠪᠡᠰᠦ ᠪᠡᠯᠴᠢᠭᠡᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠨᠤᠭᠤ ᠭᠠᠵᠠᠷ ᠢ ᠬᠠᠮᠠᠭᠠᠯᠠᠨ ᠰᠡᠷᠭᠦᠭᠡᠬᠦ᠂ | ᠡᠯᠡᠰᠦᠷᠬᠡᠭᠵᠢᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠬᠦ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠢ ᠠᠬᠤᠢ ᠶᠢᠨ | ᠰᠢᠰᠲ᠋ᠧᠮ ᠢ ᠨᠠᠩ ᠡᠷᠡᠭᠦᠯ ᠲᠣᠭᠲᠠᠭᠤᠨ᠂ ᠴᠢᠳᠠᠮᠵᠢ ᠶᠢ ᠪᠦᠷᠢᠨ ᠲᠡᠭᠦᠯᠳᠡᠷ ᠪᠣᠯᠭᠠᠪᠠ᠃ |