1 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠪᠠᠭᠠᠲᠤᠷ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ | ᠡᠭᠦᠳᠦᠨ ᠪᠠᠶᠢᠭᠤᠯᠬᠤ ᠶᠢ ᠮᠡᠳᠡᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠠᠷᠪᠠᠨ ᠰᠢᠶᠠᠨ ᠵᠠᠭᠤᠨ ᠰᠢᠶᠠᠩ | ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠰᠡᠳᠬᠢᠴᠡ ᠬᠠᠷᠠᠯᠲᠠ ᠪᠠᠨ ᠲᠣᠳᠣᠷᠬᠠᠶᠢᠯᠠᠵᠤ᠂ ᠡᠭᠦᠳᠦᠨ ᠪᠠᠶᠢᠭᠤᠯᠬᠤ ᠡᠭᠦᠷᠭᠡ ᠪᠠᠨ | ᠲᠣᠳᠣᠷᠬᠠᠶᠢᠯᠠᠵᠤ᠂ ᠭᠤᠣᠯᠳᠠᠯᠭ᠎ᠠ ᠲᠠᠢ ᠲᠥᠷᠥᠯ ᠵᠦᠢᠯ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠣᠯᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠬᠤᠷᠠᠮᠳᠤᠭᠤᠯᠬᠤ ᠠᠷᠭ᠎ᠠ ᠵᠠᠮ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠳᠡᠮᠵᠢᠬᠦ ᠣᠷᠣᠭᠤᠯᠤᠯᠲᠠ ᠶᠢᠨ | ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠡᠭᠦᠷᠭᠡ ᠴᠢᠳᠠᠪᠤᠷᠢ ᠳᠠᠭᠠᠨ ᠰᠠᠭᠤᠷᠢᠯᠠᠵᠤ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠣᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠲᠠ | ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ | ᠬᠤᠷᠠᠯ ᠠᠴᠠ᠂ 2 ᠰᠤᠮᠤ ᠪᠠᠯᠭᠠᠰᠤ᠂ 16 ᠭᠠᠴᠠᠭᠠᠨ ᠤ ᠪᠣᠳᠠᠲᠠᠢ ᠣᠨᠴᠠᠯᠢᠭ᠂ ᠲᠠᠷᠢᠶᠠᠯᠠᠩ ᠤᠨ ᠠᠵᠤ | ᠦᠢᠯᠡᠰ ᠤᠨ ᠣᠨᠴᠠᠯᠢᠭ᠂ ᠬᠥᠳᠡᠭᠡ ᠲᠣᠰᠬᠤᠨ ᠤ ᠭᠠᠵᠠᠷ ᠣᠷᠣᠨ ᠤ ᠣᠨᠴᠠᠯᠢᠭ ᠢ ᠨᠠᠷᠢᠨ ᠬᠢᠨᠠᠮᠠᠭᠠᠢ | ᠪᠣᠯᠪᠠᠰᠤᠷᠠᠭᠤᠯᠵᠤ᠂ ᠵᠥᠷᠢᠶᠡᠴᠢᠯᠡᠭᠰᠡᠨ ᠬᠠᠷᠠᠯᠲᠠ ᠡᠭᠦᠷᠭᠡ ᠶᠢ ᠲᠣᠭᠲᠠᠭᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠷᠭ᠎ᠠ ᠵᠠᠮ ᠤᠨ ᠵᠠᠭᠪᠤᠷ ᠢ ᠭᠤᠣᠯᠳᠠᠯᠭ᠎ᠠ ᠲᠠᠢ ᠰᠦᠪᠡᠭᠴᠢᠯᠡᠬᠦ ᠬᠡᠷᠡᠭᠲᠡᠢ᠃ ᠮᠠᠯᠵᠢᠬᠤ | ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ | ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠲᠦᠮᠡᠨ ᠤ ᠣᠷᠣᠯᠴᠠᠬᠤ ᠤᠬᠠᠮᠰᠠᠷ ᠢ ᠢᠳᠡᠪᠬᠢᠲᠡᠢ ᠳᠠᠶᠢᠴᠢᠯᠠᠨ᠂ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠮᠠᠯᠴᠢᠨ ᠲᠠᠷᠢᠶᠠᠴᠢᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ | ᠬᠡᠷᠡᠭᠲᠡᠢ᠃ | ᠬᠤᠰᠢᠭᠤᠨ ᠤ ᠤᠳᠤᠷᠢᠳᠤᠯᠭ᠎ᠠ ᠹᠧᠩ ᠵᠢᠶᠠᠨ ᠵᠦᠩ ᠬᠤᠷᠠᠯ ᠳᠤ ᠣᠷᠣᠯᠴᠠᠵᠠᠢ᠃ |