ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠬᠢᠯᠡᠵᠦ ᠵᠠᠩ ᠶᠠᠨ ᠺᠦᠨ ᠣᠷᠣᠯᠴᠠᠵᠠᠢ | 1 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ | ᠭᠦᠢᠯᠭᠡᠭᠡᠨ ᠤ ᠠᠵᠢᠯ ᠤᠨ ᠬᠤᠷᠠᠯ ᠬᠦᠭᠡᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠵᠠᠶ᠃ | ᠰᠦᠨ ᠱᠤᠤ ᠴᠧᠩ ᠶᠠᠷᠢᠶᠠᠨ ᠳᠠᠭᠠᠨ᠂ ᠶᠡᠷᠤᠩᠭᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ | ᠠᠵᠢᠯ ᠤᠨ ᠲᠤᠬᠠᠶ ᠴᠢᠬᠤᠯᠠ ᠥᠭᠦᠯᠡᠯᠲᠡ ᠪᠣᠯ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ | ᠴᠢᠬᠤᠯᠠ ᠪᠦᠷᠢᠯᠳᠦᠬᠦᠨ ᠬᠡᠰᠡᠭ ᠮᠥᠨ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠮᠥᠩᠭᠦᠨ | ᠭᠦᠢᠯᠭᠡᠭᠡᠨ ᠤ ᠰᠢᠰᠲ᠋ᠧᠮ ᠤᠨ ᠨᠥᠬᠦᠳ ᠤᠯᠤᠰ ᠲᠦᠷᠦ ᠶᠢ ᠡᠷᠬᠢᠮᠯᠡᠬᠦ ᠦᠨᠳᠤᠷᠴᠡ ᠠᠴᠠ ᠭᠦᠨᠵᠡᠭᠡᠶ ᠰᠤᠷᠤᠯᠴᠠᠨ | ᠨᠠᠷᠢᠨ ᠣᠶᠢᠯᠠᠭᠠᠵᠤ᠂ ᠲᠡᠭᠦᠨ ᠤ ᠪᠠᠶᠠᠯᠢᠭ ᠠᠭᠤᠯᠤᠭᠳᠠᠬᠤᠨ᠂ ᠭᠤᠣᠯ ᠴᠢᠮᠥᠭᠡ ᠴᠢᠬᠤᠯᠠ ᠠᠭᠤᠯᠭ᠎ᠠ ᠪᠠ | ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠶ ᠣᠶᠢᠯᠠᠭᠠᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠨᠡᠩ ᠡᠷᠡᠰ ᠪᠠᠲᠤ ᠤᠬᠠᠮᠰᠠᠷ ᠠᠴᠠ ᠪᠠᠨ ᠯᠠᠪᠳᠠᠭᠤᠨ ᠪᠠᠲᠤᠲᠠᠶ | ᠬᠦᠴᠦᠲᠡᠶ ᠰᠠᠶᠢᠲᠤᠷ ᠠᠳᠬᠤᠬᠤ ᠬᠡᠷᠡᠭᠲᠡᠶ ᠭᠡᠵᠤ ᠬᠡᠯᠡᠪᠡ᠃ | ᠰᠦᠨ ᠱᠤᠤ ᠴᠤᠩ᠂ ᠤᠢᠢᠷ᠎ᠠ ᠶᠢᠨ ᠬᠡᠳᠦᠨ ᠵᠢᠯ ᠳᠤ ᠪᠦᠬᠦ ᠣᠷᠣᠨ ᠤ ᠮᠥᠩᠭᠦᠨ ᠭᠦᠢᠯᠭᠡᠭᠡᠨ ᠤ | ᠰᠢᠰᠲᠤᠮ ᠤᠨ ᠬᠢᠨ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠵᠤ᠂ | ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ | ᠲᠣᠭᠲᠠᠭᠤᠨ ᠢᠶᠠᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠵᠠᠢ᠃ ᠡᠭᠦᠨ ᠤ ᠵᠡᠷᠭᠡ ᠪᠠᠷ ᠮᠠᠨ ᠤ ᠣᠷᠣᠨ ᠤ | ᠮᠥᠩᠭᠦᠨ ᠭᠦᠢᠯᠭᠡᠭᠡᠨ ᠤ ᠦᠢᠯᠡᠰ ᠤᠨ ᠬᠡᠪᠴᠢᠶ᠎ᠡ ᠪᠠᠷ ᠪᠠᠭ᠎ᠠ᠂ ᠪᠣᠳᠠᠲᠤ ᠬᠦᠴᠦᠨ ᠢᠶᠠᠷ ᠪᠠᠭᠤᠷᠠᠶ᠂ | ᠲᠦᠭᠰᠢᠭᠦᠷᠢ ᠪᠠᠷ ᠣᠯᠠᠨ ᠪᠠᠶᠢᠬᠤ ᠣᠨᠴᠠᠯᠢᠭ ᠪᠠᠰᠠ ᠮᠠᠰᠢ ᠢᠯᠡᠷᠬᠡᠶ ᠪᠠᠶᠢᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠳᠠᠬᠢ ᠲᠤᠯᠭᠠᠭᠤᠷᠢᠯᠠᠯ ᠤᠨ ᠦᠢᠯᠡᠳᠦᠯ ᠨᠢ ᠪᠠᠰᠠ ᠭᠦᠢᠴᠡᠳ ᠬᠦᠴᠦᠳᠠᠢ ᠪᠢᠰᠢ ᠪᠠᠶᠢᠭᠰᠠᠭᠠᠷ᠃ | ᠣᠳᠣᠬᠠᠨ ᠳᠤ᠂ ᠤᠯᠤᠰ ᠠᠴᠠ ᠨᠡᠶᠢᠲᠡᠯᠡᠭᠰᠡᠨ ᠠᠯᠢ ᠣᠯᠠᠨ ᠠᠰᠢᠭᠲᠠᠶ ᠲᠥᠷᠥ ᠶᠢᠨ ᠪᠣᠳᠣᠯᠭ᠎ᠠ ᠨᠢ ᠪᠣᠳᠠᠲᠤ | ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ ᠨᠠᠩ ᠣᠯᠠᠨ ︽ᠤᠷᠬᠢᠯᠤᠮᠠᠯ ᠪᠤᠯᠠᠭ︾ ᠬᠠᠩᠭᠠᠭᠰᠠᠨ ᠪᠦᠭᠡᠳ | ᠪᠠᠰᠠ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ | ᠪᠦᠷᠢᠯᠳᠦᠭᠦᠯᠵᠦ ᠥᠭᠭᠦᠭᠰᠡᠨ ᠪᠠᠶᠢᠨ᠎ᠠ᠃ ᠥᠪᠥᠷ ᠮᠣᠩᠭᠤᠯ ᠤᠨ ᠡᠬᠢ ᠪᠠᠶᠠᠯᠢᠭ ᠡᠯᠪᠡᠭ ᠳᠡᠯᠪᠡᠭ ᠪᠥᠭᠡᠳ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠠᠨ | ᠲᠠᠯ᠎ᠠ ᠪᠠᠷ ᠭᠥᠷᠳᠡᠵᠦ᠂ ᠬᠥᠭᠵᠢᠯᠲᠡ ᠶᠢᠨ ᠢᠷᠡᠭᠡᠳᠤᠢ ᠥᠷᠭᠡᠨ ᠠᠭᠤᠳᠠᠮ᠂ ᠮᠥᠩᠭᠦᠨ ᠭᠦᠢᠯᠭᠡᠭᠡᠨ ᠤ ᠬᠡᠷᠡᠭᠴᠡᠭᠡ | ᠱᠠᠭᠠᠷᠳᠠᠯᠭ᠎ᠠ ᠯᠤᠲᠤ ᠶᠡᠭᠡ ᠪᠠᠶᠢᠨ᠎ᠠ᠃ ᠪᠢᠳᠡ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ | ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠡᠯ᠎ᠡ ᠲᠠᠯ᠎ᠠ ᠶᠢᠨ ᠠᠰᠢᠭᠲᠠᠢ ᠬᠦᠴᠦᠨ ᠵᠦᠢᠯ ᠢ ᠰᠠᠶᠢᠲᠤᠷ | ᠳᠠᠶᠢᠴᠢᠯᠠᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ ᠳᠤ ᠨᠡᠩ ᠰᠠᠶᠢᠲᠤᠷ ᠦᠢᠯᠡᠴᠢᠯᠡᠵᠦ᠂ ᠳᠤᠮᠳᠠ | ᠲᠦᠪᠰᠢᠨ ᠳᠤ ᠳᠡᠪᠰᠢᠨ ᠣᠷᠣᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠤ ᠬᠡᠯᠡᠪᠡ᠃ | ᠰᠦᠨ ᠱᠤᠤ ᠴᠧᠩ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠮᠥᠩᠭᠦᠨ ᠭᠦᠢᠯᠭᠡᠭᠡᠨ ᠢᠶᠠᠷ ᠳᠡᠮᠵᠢᠬᠦ ᠰᠢᠨ᠎ᠡ ᠵᠠᠭᠪᠤᠷ ᠢ | ᠬᠠᠶᠢᠨ ᠰᠦᠪᠡᠭᠴᠢᠯᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ᠂ | ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠤᠨ ᠤ ᠴᠠᠬᠢᠯᠭᠠᠨ ᠬᠡᠷᠡᠯᠴᠢ ᠴᠡᠨᠡᠭ ᠢ ᠨᠢᠭᠡ | ᠴᠤᠭᠴᠠᠵᠢᠭᠤᠯᠬᠤ ᠢᠨᠵᠧᠨᠧᠷᠢᠩ ᠵᠡᠷᠭᠡ ᠠᠮᠢ ᠠᠬᠤᠶ ᠶᠢᠨ ᠢᠨᠵᠧᠨᠧᠷᠢᠩ ᠳᠤ ᠢᠳᠡᠪᠬᠢᠲᠡᠶ ᠣᠷᠣᠯᠴᠠᠭᠤᠯᠬᠤ ᠭᠡᠷᠡᠭᠳᠠᠢ | ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯᠭᠦᠶ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠮᠥᠩᠭᠦᠨ ᠭᠦᠢᠯᠭᠡᠭᠡᠨ ᠤ | ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠳᠡᠢ᠃ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ | ᠳᠠᠶᠢᠴᠢᠯᠠᠨ ᠰᠢᠨ᠎ᠡ ᠡᠨᠧᠷᠭᠢ ᠰᠢᠩᠭᠡᠭᠡᠬᠦ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠬᠦ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠲᠥᠷᠥᠯ ᠵᠦᠢᠯ ᠤᠨ ᠵᠦᠶ | ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠵᠤ᠂ ᠨᠡᠭᠦᠷᠡᠰᠦ ᠶᠢ ᠠᠷᠢᠭᠤᠨ | ᠴᠡᠪᠡᠷ ᠥᠨᠳᠥᠷ ᠪᠦᠲᠦᠮᠵᠢᠲᠡᠶ ᠠᠰᠢᠭᠯᠠᠬᠤ ᠳ᠋ᠤᠮᠳᠠᠬᠢ ᠮᠥᠩᠭᠦᠨ ᠭᠦᠢᠯᠭᠡᠭᠡᠨ ᠤ ᠣᠷᠣᠭᠤᠯᠤᠯᠲᠠ ᠶᠢ ᠨᠡᠮᠡᠭᠳᠡᠭᠦᠯᠵᠦ᠂ | ᠬᠤᠪᠣᠷ ᠰᠢᠷᠣᠶ ᠶᠢᠨ ᠰᠤᠳᠤᠯᠤᠨ ᠨᠡᠭᠡᠭᠡᠯᠲᠡ᠂ ᠪᠠᠯᠠ ᠣᠷᠣᠭᠤᠯᠤᠯᠲᠠ ᠪᠠ ᠦᠵᠦᠭᠦᠷᠯᠢᠭ ᠤᠨ ᠳᠡᠭᠡᠳᠦ ᠲᠡᠰ ᠤᠨ | ᠬᠡᠷᠡᠭᠯᠡᠯᠲᠡ ᠶᠢ ᠶᠡᠭᠡ ᠪᠠᠷ ᠳᠡᠮᠵᠢᠬᠦ ᠬᠡᠷᠡᠭᠳᠡᠢ᠃ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠵᠦ᠂ ᠮᠥᠩᠭᠦᠨ | ᠭᠦᠢᠯᠭᠡᠭᠡᠨ ᠤ ᠬᠥᠷᠥᠩᠭᠡ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠷᠢᠶᠠᠯᠠᠩ ᠤᠨ ᠤᠰᠤ ᠠᠷᠪᠢᠯᠠᠬᠤ ᠵᠡᠷᠭᠡ | ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠨᠠᠩ ᠢᠯᠡᠭᠦᠤ ᠣᠷᠣᠭᠤᠯᠬᠤ ᠶᠢ ᠬᠦᠴᠦᠯᠡᠵᠦ᠂ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ | ᠲᠦᠬᠦᠭᠡᠷᠦᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠵᠦ ᠬᠤᠷᠢᠵᠤ ᠲᠡᠵᠢᠭᠡᠬᠦ ᠪᠠ ᠬᠦᠷᠢᠶ᠎ᠡ ᠬᠠᠰᠢᠶ᠎ᠠ ᠶᠢᠨ ᠠᠵᠤ | ᠠᠬᠤᠶ ᠶᠢ ᠢᠳᠡᠪᠬᠢᠲᠡᠶ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠨᠠᠩ ᠰᠠᠶᠢᠲᠤᠷ ᠠᠬᠢᠭᠤᠯᠬᠤ ᠬᠡᠷᠡᠭᠳᠡᠢ᠃ | ᠭᠤᠤᠯᠳᠠᠯᠭ᠎ᠠ ᠲᠠᠢ ᠪᠣᠭᠤᠮᠲᠠ ᠶᠢᠨ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠭᠡᠵᠦ | ᠂ ᠨᠤᠳᠤᠬᠰᠢᠭᠤᠯᠤᠨ ᠡᠳ᠋ᠰᠢᠭᠦᠯᠬᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠵᠡᠷᠭᠡ ᠠᠵᠤ ᠦᠢᠯᠡᠰ ᠤᠨ | ᠬᠥᠭᠵᠢᠯᠲᠡ ᠶᠢ ᠶᠡᠭᠡ ᠪᠠᠷ ᠳᠡᠮᠵᠢᠵᠦ᠂ ᠮᠥᠩᠭᠦᠨ ᠭᠦᠢᠯᠭᠡᠭᠡᠨ ᠤ ᠳᠣᠲᠣᠭᠠᠳᠤ ᠭᠠᠳᠠᠭᠠᠳᠤ ᠨᠡᠭᠡᠭᠡᠯᠲᠡ ᠶᠢ | ᠭᠦᠨᠵᠡᠭᠡᠶᠢᠷᠡᠭᠦᠯᠬᠦ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠠᠴᠠ ᠳᠤᠷᠠᠳᠤᠭᠰᠠᠨ ︽ᠵᠢᠷᠭᠤᠭᠠᠨ ᠢᠨᠵᠧᠨᠧᠷᠢᠩ︾ | ᠳᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠭᠦᠨᠵᠡᠭᠡᠶ ᠣᠷᠣᠯᠴᠠᠬᠤ ᠬᠡᠷᠡᠭᠲᠡᠶ᠃ ᠡᠯ᠎ᠡ ᠲᠦᠷᠦᠯ ᠤᠨ ᠠᠵᠤ | ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ᠂ ᠠᠷᠠᠳ ᠤᠨ ᠡᠵᠡᠩᠨᠡᠯᠳᠡ ᠶᠢᠨ | ᠠᠵᠤ ᠠᠬᠤᠶᠢᠯᠠᠯ᠂ ᠳᠤᠮᠳᠠ ᠪᠠᠭ᠎ᠠ ᠠᠵᠤ ᠠᠬᠤᠶᠢᠯᠠᠯ ᠢ ᠨᠡᠩ ᠰᠠᠶᠢᠲᠤᠷ ᠬᠠᠪᠰᠤᠷᠤᠨ ᠪᠡᠯᠡ ᠮᠥᠩᠭᠦ ᠴᠤᠭᠯᠠᠭᠤᠯᠬᠤ | ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠰᠡᠯᠡᠯᠲᠡ ᠶᠢ | ᠰᠢᠪᠲᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ | ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠳᠡᠢ᠃ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠷ᠎ᠡ ᠠᠰᠢᠭ ᠢ ᠳᠡᠭᠡᠭᠰᠢᠯᠡᠭᠦᠯᠵᠦ᠂ ᠪᠦᠲᠦᠴᠡ ᠶᠢ ᠳᠣᠭᠢᠷᠠᠭᠤᠯᠤᠨ᠂ | ᠲᠠᠪᠴᠠᠩ ᠢ ᠴᠢᠩᠭᠠᠳᠬᠠᠵᠤ᠂ ᠲᠣᠭᠲᠠᠴᠠ ᠶᠢ ᠥᠭᠡᠷᠡᠴᠢᠯᠡᠨ ᠰᠠᠶᠢᠵᠢᠷᠠᠭᠤᠯᠵᠤ᠂ ᠮᠠᠨ ᠤ ᠣᠷᠣᠨ ᠤ ᠮᠥᠩᠭᠦᠨ | ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠪᠠᠷ ᠴᠢᠷᠮᠠᠶᠢᠬᠤ ᠬᠡᠷᠡᠭᠲᠡᠶ᠃ | ︽ᠤᠷᠳᠤ ᠰᠢᠳᠦ ᠲᠠᠢ ᠥᠷᠭᠡᠰᠦ ᠲᠠᠢ︾ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ | ᠰᠡᠷᠭᠡᠶᠢᠯᠡᠨ ᠠᠷᠢᠯᠭᠠᠬᠤ ᠬᠡᠷᠡᠭᠲᠡᠢ᠃ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠰᠲᠤᠮ ᠤᠨ ᠨᠠᠮ ᠤᠨ ᠪᠠᠶᠢᠭᠤᠯᠤᠯᠲᠠ ᠶᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ | ᠡᠨᠡ ᠬᠦ ᠭᠤᠣᠯ ᠰᠢᠵᠢᠮ ᠢ ᠰᠠᠶᠢᠲᠤᠷ ᠲᠤᠭᠤᠰᠢᠯᠠᠭᠤᠯᠵᠤ᠂ ᠮᠥᠩᠭᠦᠨ ᠭᠦᠢᠯᠭᠡᠭᠡᠨ ᠤ ᠺᠠᠳ᠋ᠷ ᠴᠢᠳᠠᠪᠤᠷᠢᠲᠠᠨ ᠤ | ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢ ᠶᠡᠭᠡ ᠪᠠᠷ | ᠪᠤᠢ ᠪᠣᠯᠭᠠᠬᠤ ᠬᠡᠷᠡᠭᠲᠡᠢ ᠭᠡᠵᠦ ᠬᠡᠯᠡᠪᠡ᠃ | ᠶᠠᠩ ᠸᠧᠢ ᠳ᠋ᠦᠩ᠂ ᠯᠢᠦ ᠱᠤᠸᠠᠩ᠂ ᠪᠤᠤ ᠭᠠᠩ᠂ ᠳ᠋ᠢᠩ ᠰᠢᠤ ᠹᠤᠩ᠂ ᠮᠤᠩ ᠰᠢᠶᠠᠨ ᠳ᠋ᠦᠩ᠂ ᠵᠠᠩ ᠱᠤᠤ | ᠴᠦᠨ᠂ ᠵᠠᠩ ᠪᠠᠢ ᠴᠧᠩ᠂ ᠶᠠᠩ ᠵᠢᠶᠤ᠂ ᠶᠠᠩ ᠽᠦᠩ ᠷᠧᠨ ᠬᠤᠷᠠᠯ ᠳᠤ ᠣᠷᠣᠯᠴᠠᠪᠠ᠃ ᠬᠤᠸᠠᠩ ᡁᠢ ᠴᠢᠶᠠᠩ | ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠬᠥᠬᠡᠬᠤᠲᠠ᠂ ᠤᠯᠠᠭᠠᠨᠬᠠᠳᠠ ᠬᠤᠲᠠ᠂ ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ | ᠦᠨᠡᠳᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠮᠥᠩᠭᠦᠨ ᠭᠦᠢᠯᠭᠡᠭᠡᠨ ᠤ ᠵᠥᠪᠯᠡᠯ ᠤᠨ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ ᠶᠠᠷᠢᠶ᠎ᠠ | ᠲᠠᠯᠪᠢᠵᠠᠢ᠃ |