ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠲᠥᠪ ᠤᠨ ᠱᠦᠵᠢ ᠨᠡᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/1/5
   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ   ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 1 ᠰᠠᠷ᠎ᠠ ᠶᠢᠨ 4 ᠤ ᠡᠳᠦᠷ ᠪᠦᠬᠦᠯᠢ ᠡᠳᠦᠷ ᠢᠶᠠᠷ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠱᠦᠵᠢ ᠨᠡᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃   ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠵᠢᠯ ᠪᠦᠷᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠡᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠲᠤᠰᠬᠠᠶᠢᠯᠠᠨ ᠰᠣᠨᠣᠰᠳᠠᠭ᠂ ᠡᠨᠡ ᠪᠣᠯ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠡᠨᠡ ᠬᠦ ᠲᠦᠷᠢᠮ ᠤᠨ ᠲᠤᠬᠢᠷᠠᠭᠤᠯᠤᠯᠳᠠ ᠨᠢ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ ᠶᠢ ᠵᠣᠬᠢᠴᠠᠭᠤᠯᠬᠤ ᠳᠤ ᠠᠰᠢᠭᠲᠠᠢ᠂ ᠨᠠᠮ ᠤᠨ ᠪᠦᠯᠬᠦᠮᠳᠡᠯ ᠨᠢᠭᠡᠳᠦᠯ ᠪᠣᠯᠤᠨ ᠬᠦᠴᠦᠷᠬᠡᠭ ᠶᠡᠭᠡ ᠲᠠᠶᠢᠴᠢᠨ ᠬᠦᠴᠦᠨ ᠢ ᠪᠠᠲᠤᠯᠠᠬᠤ ᠳᠤ ᠠᠰᠢᠭᠲᠠᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠳᠤ ᠠᠰᠢᠭᠲᠠᠢ ᠭᠡᠳᠡᠭ ᠢ ᠦᠢᠯᠡᠳᠦᠯᠭᠡ ᠭᠡᠷᠡᠴᠢᠯᠡᠪᠡ᠃ ᠡᠨᠡ ᠤᠳᠠᠭ᠎ᠠ ᠶᠢᠨ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠲᠠᠷᠠᠭ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠠᠩᠬ᠎ᠠ ᠤᠳᠠᠭ᠎ᠠ 5 ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠣᠯᠤᠨ ᠲᠥᠪ ᠤᠨ ᠱᠦᠵᠢ ᠨᠡᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠶᠠᠪᠤᠳᠠᠯ ᠪᠠᠶᠢᠵᠥ᠂ ᠵᠣᠷᠢᠯᠭ᠎ᠠ ᠨᠢ ᠳᠠᠷᠤᠢ ᠡᠨᠡ ᠬᠦ ᠲᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠬᠦ ᠶᠢᠨ ᠲᠥᠯᠥᠭᠡ ᠶᠤᠮ ᠭᠡᠵᠥ ᠵᠢᠭᠠᠵᠥ ᠭᠠᠷᠭᠠᠪᠠ᠃    ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠤᠨ ᠤᠯᠤᠰ ᠤᠨ ᠠᠵᠢᠯ ᠤᠨ ᠪᠦᠬᠦ ᠲᠠᠯ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠡᠯ᠎ᠡ ᠲᠠᠯ᠎ᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠠᠢ ᠭᠡᠵᠤ ᠦᠵᠡᠪᠡ     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠰᠢᠨ᠎ᠡ ᠨᠢᠭᠡ ᠬᠤᠭᠤᠴᠠᠭᠠᠨ ᠤ ᠲᠥᠪ ᠤᠨ ᠱᠦᠵᠢ ᠨᠡᠷ ᠤᠨ ᠭᠠᠵᠠᠷ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨᠴᠢ ᠪᠦᠯᠬᠦᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠢᠯᠣᠭᠤᠳᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠪᠠ ᠬᠡᠵᠤ ᠦᠵᠡᠪᠡ᠃    ᠬᠤᠷᠠᠯ ᠠᠴᠠ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾   ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠦᠷᠦ ᠲᠠᠢ ᠨᠢᠭᠲᠠ ᠤᠶᠠᠯᠳᠤᠭᠤᠯᠤᠨ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠤᠷᠤᠭᠰᠢᠯᠠᠨ ᠲᠠᠪᠰᠢᠵᠤ᠂ ᠵᠣᠷᠢᠭᠲᠠᠢ ᠪᠠᠷ ᠬᠢᠵᠦ ᠴᠢᠳᠠᠮᠠᠭᠠᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠵᠢᠯᠤᠭᠤᠳᠤᠯᠭ᠎ᠠ ᠳᠣᠣᠷ᠎ᠠ ᠨᠠᠶᠢᠷᠠᠯ ᠬᠥᠭᠵᠢᠮ ᠢ ᠪᠦᠷᠢᠯᠳᠦᠭᠦᠯᠵᠦ᠂ ︽ᠪᠣᠳᠠᠲᠠᠶᠢᠵᠢᠭᠤᠯᠬᠤ︾ ᠪᠠᠷ ᠭᠤᠣᠯᠳᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢᠨ᠎ᠡ ᠨᠢᠭᠡ ᠵᠢᠯ ᠳᠤ᠂ ᠲᠥᠪ ᠤᠨ ᠱᠦᠵᠢ ᠨᠡᠷ ᠤᠨ ᠭᠠᠵᠠᠷ ᠤᠨ ᠬᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠭᠡᠵᠦ᠂ ᠬᠡᠷᠡᠭ ᠶᠠᠪᠤᠳᠠᠯ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠭᠤᠣᠯᠳᠠᠯᠭ᠎ᠠ ᠶᠢ ᠳᠤᠪᠤᠶᠢᠯᠭᠠᠵᠤ᠂ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠦᠷᠭᠦᠯᠵᠢᠯᠡᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 4 ᠤ ᠴᠠᠬᠢᠯᠭᠠᠨ ᠮᠡᠳᠡᠭᠡ︶   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号