ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠳᠡᠯᠦᠭᠡ ᠨᠠᠰᠤᠨ ᠤ ᠠᠵᠤ ᠠᠬᠤᠢ ᠶᠢ ᠬᠥᠭᠵᠢᠭᠦᠯᠵᠦ ᠨᠠᠰᠤᠲᠠᠶᠢᠴᠤᠳ ᠤᠨ ᠠᠵᠠ ᠵᠢᠷᠭᠠᠯ ᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ︽ᠨᠢᠭᠡ ᠶᠠᠪᠤᠳᠠᠯ ᠢ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ︾ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ ᠢ ᠰᠣᠨᠣᠰᠴᠤ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠣᠳᠣᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠶᠠᠷᠢᠯᠴᠠᠪᠠ
ᠨᠡᠶᠢᠲᠡᠯᠡᠭᠰᠡᠨ ᠴᠠᠭ᠄
2024/1/6
    ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 5 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 1 ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂  ᠦᠳᠡᠯᠦᠭᠡ ᠨᠠᠰᠤᠨ ᠤ ᠠᠵᠤ ᠠᠬᠤᠢ ᠶᠢ ᠬᠥᠭᠵᠢᠭᠦᠯᠬᠦ᠂ ᠨᠠᠰᠤᠲᠠᠶᠢᠴᠤᠳ ᠤᠨ ᠠᠵᠠ ᠵᠢᠷᠭᠠᠯ ᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ︽ᠥᠨᠳᠥᠷ ᠪᠦᠲᠦᠮᠵᠢᠲᠡᠢ ᠪᠠᠷ ᠭᠦᠢᠴᠡᠳᠬᠡᠬᠦ ᠶᠢ ᠠᠬᠢᠭᠤᠯᠬᠤ︾ ᠶᠢᠨ ᠵᠢᠯᠣᠭᠤᠳᠬᠤ ᠰᠠᠨᠠᠯ ᠢ ᠬᠢᠨᠠᠨ ᠵᠥᠪᠯᠡᠵᠦ᠂ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠣᠳᠣᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠬᠠᠤᠯᠢ ︵ᠲᠥᠰᠦᠯ︶︾ ᠶᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠮᠥᠩᠭᠦᠨ ᠭᠦᠢᠯᠭᠡᠭᠡᠨ ᠤ ᠠᠵᠤ ᠠᠬᠤᠢ ᠶᠢ ᠬᠥᠭᠵᠢᠭᠦᠯᠬᠦ ᠪᠣᠯ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠣᠳᠣᠬᠠᠨ ᠳᠤ ᠠᠰᠢᠭᠲᠠᠢ ᠮᠥᠷᠲᠡᠭᠡᠨ ᠠᠯᠤᠰ ᠢᠷᠡᠭᠡᠳᠦᠢ ᠳᠤ ᠴᠤ ᠠᠰᠢᠭ ᠬᠦᠷᠲᠡᠭᠡᠬᠦ ᠶᠠᠪᠤᠳᠠᠯ ᠪᠣᠯᠤᠨ᠎ᠠ᠃ ᠵᠠᠰᠠᠭ ᠤᠨ ᠣᠷᠳᠣᠨ ᠤ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠨᠠᠰᠤᠲᠠᠶᠢᠴᠤᠳ ᠤᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠤᠨ ᠣᠯᠠᠨ ᠳᠡᠰ ᠳᠠᠪᠬᠤᠷᠭ᠎ᠠ ᠣᠯᠠᠨ ᠶᠠᠩᠵᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠮᠥᠩᠭᠦᠨ ᠭᠦᠢᠯᠭᠡᠭᠡᠨ ᠤ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠭᠡᠷ ᠲᠡᠭᠡᠨ ᠰᠠᠭᠤᠵᠤ ᠨᠠᠰᠤᠲᠠᠨ ᠢ ᠠᠰᠠᠷᠠᠬᠤ᠂ ᠡᠪᠡᠳᠴᠢᠨ ᠦᠵᠡᠭᠦᠯᠵᠦ ᠡᠮ ᠬᠡᠷᠡᠭᠯᠡᠬᠦ᠂ ᠡᠷᠡᠭᠦᠯᠵᠢᠯ ᠰᠤᠪᠢᠯᠠᠯᠲᠠ ᠶᠢᠨ ᠠᠰᠠᠷᠠᠨ ᠬᠠᠷᠠᠭᠠᠯᠵᠠᠬᠤ ᠵᠡᠷᠭᠡ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠨᠠᠰᠤᠲᠠᠶᠢᠴᠤᠳ ᠲᠤ ᠥᠲᠡᠯᠦᠭᠡ ᠨᠠᠰᠤ ᠶᠢ ᠨᠢ ᠠᠮᠤᠷ ᠲᠠᠶᠢᠪᠤᠩ ᠡᠳ᠋ᠯᠡᠭᠦᠯᠬᠦ ᠬᠡᠷᠡᠭᠲᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠯᠠᠨ ᠲᠦᠮᠡᠨ ᠪᠠ ᠠᠵᠤ ᠠᠬᠤᠶᠢᠯᠠᠯ ᠤᠨ ᠵᠠᠰᠠᠭ ᠤᠨ ᠣᠷᠳᠣᠨ ᠤ ᠠᠵᠢᠯ ᠳᠤ ᠬᠠᠨᠤᠮᠵᠢᠲᠠᠢ ᠪᠠᠶᠢᠬᠤ ᠬᠡᠮᠵᠢᠶ᠎ᠡ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠠᠢ ᠵᠦᠢᠯᠡᠰ ᠲᠠᠢ ᠨᠢᠭᠲᠠ ᠬᠤᠯᠪᠣᠭ᠎ᠠ ᠲᠠᠢ ᠶᠤᠮ᠃ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠪᠣᠯᠭᠠᠨ ᠰᠢᠢᠳᠪᠦᠷᠢᠯᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠲᠤᠰᠬᠠᠯ ᠲᠥᠪᠯᠡᠷᠡᠭᠰᠡᠨ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠲᠣᠭᠠᠴᠢᠯᠠᠭᠰᠠᠨ ᠮᠡᠷᠭᠡᠵᠢᠯ ᠵᠡᠷᠭᠡ ᠠᠷᠭ᠎ᠠ ᠪᠠᠷᠢᠯ ᠢ ᠠᠰᠢᠭᠯᠠᠨ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠣᠯᠠᠨ ᠳᠤ ᠨᠡᠩ ᠰᠠᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠠᠭᠠᠯᠲᠠ ᠶᠢ ᠪᠣᠢ ᠪᠣᠯᠭᠠᠬᠤ ᠬᠡᠷᠡᠭᠲᠡᠢ᠃ ︽ᠨᠢᠭᠡ ᠶᠠᠪᠤᠳᠠᠯ ᠢ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ︾ ᠶᠢ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠣᠢ ᠪᠣᠯᠭᠠᠵᠤ᠂ ᠵᠢᠯ ᠪᠦᠷᠢ ᠨᠢᠭᠡ ᠪᠦᠯᠦᠭ ᠭᠤᠣᠯᠳᠠᠯᠭ᠎ᠠ ᠲᠠᠢ ᠵᠦᠢᠯᠡᠰ ᠢ ᠡᠮᠬᠢᠯᠡᠵᠦ᠂ ᠣᠷᠣᠨ ᠨᠤᠲᠤᠭ ᠪᠠ ᠰᠠᠯᠠᠭ᠎ᠠ ᠮᠥᠴᠢᠷ ᠤᠨ ᠬᠠᠶᠢᠨ ᠰᠦᠪᠡᠭᠴᠢᠯᠡᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠵᠢᠷᠤᠮᠯᠠᠨ ᠳᠠᠭᠠᠵᠤ ᠳᠡᠯᠭᠡᠷᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃    ᠬᠤᠷᠠᠯ ᠠᠴᠠ᠂ ᠴᠠᠭᠠᠨ ᠰᠠᠷ᠎ᠠ ᠠᠴᠠ ᠡᠮᠦᠨ᠎ᠡ ᠪᠣᠯ ᠬᠥᠯᠥᠰᠥᠨ ᠠᠵᠢᠯᠴᠢᠨ ᠤ ᠴᠠᠯᠢᠩ ᠢ ᠳ᠋ᠦᠩᠨᠡᠨ ᠪᠣᠳᠣᠬᠤ ᠣᠷᠭᠢᠯ ᠤᠨ ᠬᠤᠭᠤᠴᠠᠭ᠎ᠠ ᠪᠣᠯᠤᠨ᠎ᠠ᠃ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠬᠦ ᠬᠡᠷᠡᠭᠲᠡᠢ᠃ ᠴᠠᠯᠢᠩ ᠥᠷᠢᠲᠦᠬᠦ ᠶᠢ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠩᠭᠤᠵᠢᠭᠤᠯᠤᠭᠰᠠᠨ ᠬᠢᠨᠠᠨ ᠬᠡᠮᠵᠢᠵᠦ ᠦᠨᠡᠯᠡᠨ ᠵᠢᠱᠢᠬᠦ ᠪᠠ ᠪᠠᠶᠢᠴᠠᠭᠠᠨ ᠱᠠᠯᠠᠪᠳᠠᠭᠤᠯᠬᠤ ᠶᠢ ᠴᠢᠩᠭᠠᠳᠬᠠᠵᠤ᠂ ᠬᠥᠯᠥᠰᠥᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠡᠯ᠎ᠡ ᠵᠦᠢᠯ ᠤᠨ ᠳᠦᠷᠢᠮ ᠪᠠ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃         ᠬᠤᠷᠠᠯ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠣᠳᠣᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠬᠠᠤᠯᠢ ︵ᠲᠥᠰᠦᠯ︶︾ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠵᠤ᠂ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ ︵ᠲᠥᠰᠦᠯ︶︾ ᠢ ᠬᠢᠨᠠᠨ ᠵᠥᠪᠯᠡᠵᠦ ᠪᠠᠲᠤᠯᠠᠬᠤ ᠪᠠᠷ ᠲᠣᠭᠲᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号