ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠪᠦᠯᠬᠦᠮᠳᠡᠯ ᠤᠨ ᠰᠡᠳᠬᠢᠯᠭᠡ ᠶᠢ ᠨᠢᠭᠲᠠᠷᠠᠭᠤᠯᠵᠤ᠂ ᠰᠡᠳᠬᠢᠯ ᠰᠠᠨᠠᠭ᠎ᠠ ᠪᠠᠨ ᠨᠢᠭᠡᠳᠬᠡᠬᠦ︾ ᠴᠡᠷᠢᠭ ᠠᠷᠠᠳ ᠤᠨ ᠬᠠᠮᠲᠤᠪᠠᠷ ᠪᠠᠶᠢᠭᠤᠯᠬᠤ ᠨᠥᠬᠦᠷᠯᠡᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/1/7
    ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠤᠯᠭᠠᠬᠤ ᠶᠢᠨ ᠳᠤᠰᠠᠳᠠ᠂ 1 ᠰᠠᠷ᠎ᠠ ᠶᠢᠨ 5᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠠᠬᠢᠭᠤᠯᠬᠤ ᠬᠤᠷᠠᠯ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠮᠲᠤᠷᠠᠨ ᠡᠷᠬᠢᠯᠡᠭᠰᠡᠨ ︽ᠪᠦᠯᠬᠦᠮᠳᠡᠯ ᠤᠨ ᠰᠡᠳᠬᠢᠯᠭᠡ ᠶᠢ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ︾ ᠴᠡᠷᠢᠭ ᠠᠷᠠᠳ ᠬᠠᠮᠲᠤ ᠪᠠᠷ ᠪᠠᠶᠢᠭᠤᠯᠬᠤ ᠨᠥᠬᠦᠷᠯᠡᠯ ᠤᠨ ᠬᠤᠷᠠᠯ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠭᠤᠶᠢᠳᠠ ᠰᠠᠶᠢᠬᠠᠨ ᠥᠷᠨᠢᠭᠦᠯᠪᠡ     ᠲᠤᠰ ᠤᠳᠠᠭᠠᠨ ᠤ ᠴᠡᠷᠢᠭ ᠠᠷᠠᠳ ᠬᠠᠮᠲᠤ ᠪᠠᠷ ᠪᠠᠶᠢᠭᠤᠯᠬᠤ ᠨᠥᠬᠦᠷᠯᠡᠯ ᠤᠨ ᠬᠤᠷᠠᠯ ᠨᠢ ᠪᠡᠯᠡᠭᠯᠡᠨ ᠬᠦᠷᠭᠡᠬᠦ ᠶᠣᠰᠣᠯᠠᠯ᠂ ᠸᠢᠳᠢᠣ᠋ ᠦᠵᠡᠬᠦ᠂ ᠰᠣᠨᠢᠷᠬᠠᠯᠲᠤ ᠲᠠᠮᠢᠷ ᠤᠨ ᠬᠥᠳᠡᠯᠭᠡᠭᠡᠨ ᠵᠡᠷᠭᠡ ᠭᠤᠷᠪᠠᠨ ᠭᠤᠭᠴᠤᠭ᠎ᠠ ᠪᠠᠷ ᠶᠠᠪᠤᠭᠳᠠᠪᠠ᠃    ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠨᠢ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢ ᠪᠣᠯᠤᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠣᠭᠴᠢ ᠪᠠᠶᠢᠯᠳᠤᠭᠴᠢᠳ ᠲᠤ ᠠᠮᠤ ᠪᠤᠳᠠᠭ᠎ᠠ᠂ ᠭᠤᠯᠢᠷ ᠵᠡᠷᠭᠡ ᠠᠮᠢᠳᠤᠷᠠᠯ ᠤᠨ ᠡᠳ᠋ ᠪᠣᠳᠠᠰ ᠬᠦᠷᠭᠡᠪᠡ᠃ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠢᠯᠡᠳᠬᠡᠬᠦ ᠶᠢᠨ ᠬᠠᠮᠲᠤ ᠬᠤᠶᠢᠰᠢᠳᠠ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠶᠢ ᠬᠦᠰᠡᠵᠦ ᠪᠠᠶᠢᠨ᠎ᠠ᠃    ᠠᠵᠢᠯᠯᠠᠭ᠎ᠠ ᠶᠢᠨ ᠳᠤᠮᠳᠠ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠤᠨ 2023 ᠣᠨ ᠤ ᠠᠵᠢᠯ ᠤᠨ ᠳ᠋ᠦᠩᠨᠡᠯᠲᠡ ᠶᠢᠨ ᠸᠢᠳᠢᠣ᠋ ᠶᠢ ᠰᠣᠨᠢᠷᠬᠠᠵᠤ᠂ 2023 ᠣᠨ ᠤ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯᠯᠠᠭ᠎ᠠ ᠳᠤ ᠣᠷᠣᠯᠴᠠᠭᠰᠠᠨ ᠭᠤᠶᠢᠳᠠ ᠰᠠᠶᠢᠬᠠᠨ ᠴᠠᠭ ᠮᠥᠴᠡ ᠶᠢ ᠬᠠᠮᠲᠤ ᠪᠠᠷ ᠡᠷᠭᠢᠴᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠴᠣᠭᠴᠠᠯᠠᠵᠤ᠂ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠣᠷᠢᠭ ᠢ ᠢᠯᠡᠳᠬᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号