ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/7
   1 ᠰᠠᠷ᠎ᠠ ᠶᠢᠨ 5᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠨ ᠪᠠᠶᠢᠳᠠᠯ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠶᠢ ᠲᠠᠨᠢᠯᠴᠠᠭᠤᠯᠬᠤ ᠶᠢᠨ ᠬᠠᠮᠲᠤ ᠬᠠᠢ ᠨᠧᠢ ᠰᠢᠭᠤᠳ ᠪᠡᠯᠡ ᠣᠷᠣᠭᠤᠯᠬᠤ ︵ᠬᠠᠷᠠᠮᠥ᠋ᠷᠡᠨ︶ ᠬᠢᠵᠠᠭᠠᠷᠲᠤ ᠺᠣᠮᠫᠠᠨᠢ᠂ ᠵᠥᠩ ᠴᠤᠸᠠᠨ ᠬᠤᠸᠠ ᠰᠢᠶᠠ ︵ᠱᠧᠨᠵᠧᠨ︶ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠬᠤᠶᠠᠳᠤᠭᠠᠷ ᠠᠶᠠᠯᠠᠯ ᠤᠨ ᠲᠣᠪᠴᠢᠶ᠎ᠠ ᠶᠢᠨ ᠯᠦᠩ ᠵᠢᠶᠠᠩ ᠺᠣᠮᠫᠠᠨᠢ ᠶᠢᠨ ᠲᠥᠯᠥᠭᠡᠯᠡᠭᠴᠢᠳ ᠲᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠵᠢᠷᠯᠢᠭ ᠭᠠᠵᠠᠷ ᠢ ᠥᠭᠡᠷᠡᠴᠢᠯᠡᠬᠦ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ᠲᠠᠢ ᠭᠦᠨᠵᠡᠭᠡᠢ ᠵᠥᠪᠳᠡᠯᠴᠡᠪᠡ᠃    ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠹᠧᠩ ᠵᠢᠶᠠᠨ ᠵᠦᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠬᠠᠢ ᠨᠧᠢ ᠰᠢᠭᠤᠳ ᠪᠡᠯᠡ ᠣᠷᠣᠭᠤᠯᠬᠤ ︵ᠬᠠᠷᠠᠮᠥ᠋ᠷᠡᠨ︶ ᠬᠢᠵᠠᠭᠠᠷᠲᠤ ᠺᠣᠮᠫᠠᠨᠢ ᠶᠢᠨ ᠭᠦᠶ᠋ᠴᠡᠳᠬᠡᠬᠦ ᠬᠡᠷᠡᠭ ᠮᠡᠳᠡᠭᠴᠢ ᠬᠥ᠋ ᠵᠢᠶᠠ ᠰᠢᠩ᠂ ᠬᠠᠷᠠᠮᠥ᠋ᠷᠡᠨ ᠤ ᠬᠤᠸᠠ ᠶᠥᠩ ᠰᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠲᠥᠯᠥᠭᠡᠯᠡᠭᠴᠢ ᠯᠢᠦ ᠴᠤᠸᠠᠩ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠬᠤᠶᠠᠳᠤᠭᠠᠷ ᠠᠶᠠᠯᠠᠯ ᠤᠨ ᠲᠣᠪᠴᠢᠶ᠎ᠠ ᠶᠢᠨ ᠯᠦᠩ ᠵᠢᠶᠠᠩ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠬᠤᠩ ᠵᠢᠶᠦ᠋ᠨ ᠲᠠᠢ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠬᠡᠷ ᠲᠣᠭᠲᠠᠪᠠ᠃    ᠸᠠᠩ ᠬᠠᠢ ᠶᠢᠩ ᠢᠯᠡᠷᠬᠡᠶᠢᠯᠡᠬᠦ ᠳᠡᠭᠡᠨ᠂ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠭᠡᠷ᠎ᠡ ᠲᠣᠭᠲᠠᠭᠰᠠᠨ ᠠᠵᠤ ᠠᠬᠤᠶᠢᠯᠠᠯ ᠪᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠨᠡᠩ ᠣᠨᠣᠪᠴᠢᠲᠠᠢ᠂ ᠨᠡᠩ ᠳᠣᠲᠣᠨᠣ᠂ ᠨᠡᠩ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ ᠂ ᠨᠡᠩ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ ᠪᠣᠯᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠵᠦ᠂ ᠭᠡᠷ᠎ᠡ ᠲᠣᠭᠲᠠᠭᠰᠠᠨ ᠦᠷ᠎ᠡ ᠪᠦᠲᠦᠭᠡᠯ ᠢᠶᠠᠨ ᠠᠵᠢᠯ ᠡᠬᠢᠯᠡᠭᠦᠯᠬᠦ ᠲᠥᠷᠥᠯ ᠵᠦᠢᠯ᠂ ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠪᠣᠯᠭᠠᠨ ᠬᠤᠪᠢᠷᠠᠭᠤᠯᠵᠤ᠂ ᠭᠡᠷ᠎ᠡ ᠲᠣᠭᠲᠠᠭᠰᠠᠨ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠤᠨ᠎ᠠ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号