1 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠦᠨᠳᠦᠰᠦᠨ ᠪᠠᠶᠢᠳᠠᠯ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢᠨ | ᠳᠠᠪᠠᠭᠤᠯᠢᠭ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠶᠢ ᠲᠠᠨᠢᠯᠴᠠᠭᠤᠯᠬᠤ ᠶᠢᠨ ᠬᠠᠮᠲᠤ ᠬᠠᠢ ᠨᠧᠢ ᠰᠢᠭᠤᠳ | ᠪᠡᠯᠡ ᠣᠷᠣᠭᠤᠯᠬᠤ ︵ᠬᠠᠷᠠᠮᠥ᠋ᠷᠡᠨ︶ ᠬᠢᠵᠠᠭᠠᠷᠲᠤ ᠺᠣᠮᠫᠠᠨᠢ᠂ ᠵᠥᠩ ᠴᠤᠸᠠᠨ ᠬᠤᠸᠠ ᠰᠢᠶᠠ ︵ᠱᠧᠨᠵᠧᠨ︶ ᠠᠵᠤ | ᠦᠢᠯᠡᠰ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠬᠤᠶᠠᠳᠤᠭᠠᠷ ᠠᠶᠠᠯᠠᠯ ᠤᠨ | ᠲᠣᠪᠴᠢᠶ᠎ᠠ ᠶᠢᠨ ᠯᠦᠩ ᠵᠢᠶᠠᠩ ᠺᠣᠮᠫᠠᠨᠢ ᠶᠢᠨ ᠲᠥᠯᠥᠭᠡᠯᠡᠭᠴᠢᠳ ᠲᠠᠢ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠵᠢᠷᠯᠢᠭ ᠭᠠᠵᠠᠷ ᠢ ᠥᠭᠡᠷᠡᠴᠢᠯᠡᠬᠦ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ᠬᠤᠰᠢᠭᠤᠨ ᠤ ᠰᠢᠭᠤᠳ | ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ᠲᠠᠢ ᠭᠦᠨᠵᠡᠭᠡᠢ ᠵᠥᠪᠳᠡᠯᠴᠡᠪᠡ᠃ | ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠹᠧᠩ ᠵᠢᠶᠠᠨ ᠵᠦᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ | ᠣᠷᠳᠣᠨ ᠢ ᠲᠥᠯᠥᠭᠡᠯᠡᠨ ᠬᠠᠢ ᠨᠧᠢ ᠰᠢᠭᠤᠳ ᠪᠡᠯᠡ ᠣᠷᠣᠭᠤᠯᠬᠤ ︵ᠬᠠᠷᠠᠮᠥ᠋ᠷᠡᠨ︶ ᠬᠢᠵᠠᠭᠠᠷᠲᠤ ᠺᠣᠮᠫᠠᠨᠢ ᠶᠢᠨ | ᠭᠦᠶ᠋ᠴᠡᠳᠬᠡᠬᠦ ᠬᠡᠷᠡᠭ ᠮᠡᠳᠡᠭᠴᠢ ᠬᠥ᠋ ᠵᠢᠶᠠ ᠰᠢᠩ᠂ ᠬᠠᠷᠠᠮᠥ᠋ᠷᠡᠨ ᠤ ᠬᠤᠸᠠ ᠶᠥᠩ ᠰᠢᠨ ᠡᠨᠧᠷᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠲᠥᠯᠥᠭᠡᠯᠡᠭᠴᠢ ᠯᠢᠦ ᠴᠤᠸᠠᠩ᠂ ᠳᠤᠮᠳᠠᠳᠤ ᠤᠯᠤᠰ ᠤᠨ ᠵᠠᠮ | ᠬᠠᠷᠢᠯᠴᠠᠭᠠᠨ ᠤ ᠬᠤᠶᠠᠳᠤᠭᠠᠷ ᠠᠶᠠᠯᠠᠯ ᠤᠨ ᠲᠣᠪᠴᠢᠶ᠎ᠠ ᠶᠢᠨ ᠯᠦᠩ ᠵᠢᠶᠠᠩ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ | ᠬᠤᠩ ᠵᠢᠶᠦ᠋ᠨ ᠲᠠᠢ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠬᠡᠷ | ᠲᠣᠭᠲᠠᠪᠠ᠃ | ᠸᠠᠩ ᠬᠠᠢ ᠶᠢᠩ ᠢᠯᠡᠷᠬᠡᠶᠢᠯᠡᠬᠦ ᠳᠡᠭᠡᠨ᠂ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ | ᠳᠡᠭᠡᠭᠰᠢᠯᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ᠂ ᠭᠡᠷ᠎ᠡ ᠲᠣᠭᠲᠠᠭᠰᠠᠨ ᠠᠵᠤ ᠠᠬᠤᠶᠢᠯᠠᠯ ᠪᠠ ᠲᠥᠷᠥᠯ ᠵᠦᠢᠯ ᠢ | ᠨᠠᠶᠢᠳᠠᠪᠤᠷᠢᠵᠢᠭᠤᠯᠬᠤ ᠳᠤ ᠨᠡᠩ ᠣᠨᠣᠪᠴᠢᠲᠠᠢ᠂ ᠨᠡᠩ ᠳᠣᠲᠣᠨᠣ᠂ ᠨᠡᠩ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ | ᠂ ᠨᠡᠩ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ ᠪᠣᠯᠭᠠᠵᠤ᠂ ᠠᠵᠤ ᠠᠬᠤᠶᠢᠯᠠᠯ ᠢ | ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠵᠦ᠂ ᠭᠡᠷ᠎ᠡ ᠲᠣᠭᠲᠠᠭᠰᠠᠨ ᠦᠷ᠎ᠡ ᠪᠦᠲᠦᠭᠡᠯ ᠢᠶᠠᠨ | ᠠᠵᠢᠯ ᠡᠬᠢᠯᠡᠭᠦᠯᠬᠦ ᠲᠥᠷᠥᠯ ᠵᠦᠢᠯ᠂ ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠪᠣᠯᠭᠠᠨ ᠬᠤᠪᠢᠷᠠᠭᠤᠯᠵᠤ᠂ | ᠭᠡᠷ᠎ᠡ ᠲᠣᠭᠲᠠᠭᠰᠠᠨ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ | ᠦᠷᠭᠦᠯᠵᠢᠯᠡᠨ ᠠᠬᠢᠭᠤᠯᠤᠨ᠎ᠠ ᠭᠡᠵᠡᠢ᠃ |