ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾᠎ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠦᠯ ᠵᠡᠷᠭᠡ ᠵᠦᠢᠯᠡᠰ ᠢ ᠰᠤᠳᠤᠯᠵᠠᠢ
ᠨᠡᠶᠢᠲᠡᠯᠡᠭᠰᠡᠨ ᠴᠠᠭ᠄
2024/1/8
   1 ᠰᠠᠷ᠎ᠠ ᠶᠢᠨ 6᠎ ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾᠎ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠰᠢᠨ᠎ᠡ ᠵᠢᠯ ᠤᠨ ᠪᠠᠶᠠᠷ ᠤᠨ ᠦᠭᠡ ᠪᠣᠯᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ᠢᠯᠠᠩᠭᠤᠶ᠎ᠠ ︽ᠥᠪᠥᠷ ᠮᠣᠩᠭᠤᠯ ᠤᠨ ᠬᠠᠭᠤᠳᠠᠰᠤ︾ ᠢᠢ ᠰᠠᠶᠢᠲᠤᠷ ᠰᠤᠷᠤᠯᠴᠠᠨ ᠣᠶᠢᠯᠠᠭᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠭᠡᠬᠦ ᠬᠡᠷᠡᠭᠲᠡᠶ︔ ᠤᠯᠤᠰ ᠲᠦᠷᠦ ᠶᠢᠨ ᠰᠡᠷᠭᠡᠭ ᠴᠢᠨᠠᠷ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠳᠤ ᠴᠥᠮ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ︔ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠠᠵᠢᠯ ᠤᠨ ᠠᠮᠵᠢᠯᠲᠠ ᠪᠥᠳᠤᠮᠵᠢ ᠶᠢᠨ ᠦᠵᠡᠯᠲᠡ ᠶᠢ ᠪᠠᠲᠤ ᠪᠣᠶ ᠪᠣᠯᠭᠠᠵᠤ᠂ ᠪᠣᠳᠠᠲᠤ ᠶᠠᠪᠤᠳᠠᠯ ᠢ ᠪᠣᠳᠠᠲᠠᠶ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠬᠦᠴᠢᠷ ᠶᠠᠪᠤᠳᠠᠯ ᠢ ᠲᠣᠬᠢᠲᠠᠶ ᠰᠢᠢᠳᠪᠦᠷᠢᠯᠡᠬᠦ ᠬᠡᠷᠡᠭᠳᠡᠢ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠵᠡᠷᠭᠡ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠡᠷᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠬᠢᠯᠡᠭᠦᠯᠦᠮᠡᠭᠴᠡ ᠲᠠᠶᠢᠯᠠᠯᠳᠤᠭᠠᠨ ᠢᠶᠠᠨ ᠡᠬᠢᠯᠡᠭᠦᠯᠵᠦ᠂ 2024 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ﹀ ᠪᠠᠶᠢᠬᠤ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠬᠤ ᠲᠤᠬᠠᠶ ᠬᠤᠷᠢᠨ ᠵᠤᠷᠪᠤᠰ ᠠᠷᠭ᠎ᠠ ᠬᠡᠮᠵᠢᠶ᠎ᠡ︾᠎ ᠶᠢ ᠤᠯᠠᠮᠵᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠨᠥᠬᠦᠳ ᠲᠦᠷᠦᠭᠦᠯᠡᠨ ᠰᠠᠬᠢᠯᠭ᠎ᠠ ᠪᠠᠲᠤ᠂ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠲᠡᠭᠡᠷ᠎ᠡ ᠱᠠᠲᠤ ᠨᠢ ᠲᠤᠤᠷ᠎ᠠ ᠱᠠᠲᠤ ᠪᠠᠨ ᠳᠠᠭᠠᠭᠤᠯᠵᠤ᠂ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ᠂ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ ︾᠎ ᠢ ᠬᠢᠨᠠᠨ ᠵᠥᠪᠯᠡᠵᠦ ᠪᠠᠲᠤᠯᠠᠨ᠂ ︽ᠵᠢᠷᠭᠤᠭᠠᠨ ᠢᠨᠵᠧᠨᠧᠷᠢᠩ︾᠎ ᠢ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠬᠡᠷᠡᠭᠵᠢᠭᠦᠯᠬᠦ ᠲᠥᠰᠦᠯ ᠢ ᠱᠠᠯᠠᠪᠳᠠᠨ ᠰᠤᠳᠤᠯᠵᠤ᠂ ᠣᠨ ᠤ ᠠᠵᠢᠯ ᠤᠨ ᠨᠠᠷᠢᠨ ᠲᠠᠩᠰᠠ ᠶᠢ ᠲᠣᠳᠣᠷᠬᠠᠶᠢᠯᠠᠨ᠂ ᠡᠷᠲᠡᠬᠡᠨ ᠬᠥᠳᠡᠯᠦᠯᠴᠡᠵᠦ᠂ ᠪᠥᠬᠦ ᠬᠦᠴᠦᠨ ᠢᠶᠠᠷ ᠢᠶᠠᠨ ᠠᠳᠬᠤᠨ᠂ ᠲᠦᠷᠭᠡᠨ ᠦᠷ᠎ᠡ ᠪᠦᠲᠦᠮᠵᠢ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ᠵᠢᠴᠢ 2024 ᠣᠨ ᠤ ᠠᠵᠢᠯ ᠤᠨ ᠭᠤᠤᠯᠳᠠᠯᠭ᠎ᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠭᠡᠨ ᠠᠬᠢᠭᠤᠯᠬᠤ ᠬᠡᠷᠡᠭᠵᠢᠭᠦᠯᠬᠦ ᠰᠠᠨᠠᠯ ᠵᠢᠴᠢ ᠢᠵᠢ ᠪᠥᠷᠢᠳᠦᠭᠦᠯᠦᠭᠰᠡᠨ ᠲᠤᠯᠤᠭᠠᠨ ᠠᠵᠢᠯᠯᠠᠭ᠎ᠠ ᠶᠢᠨ ᠲᠥᠰᠦᠯ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠰᠤᠳᠤᠯᠵᠤ᠂ ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ᠂ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠪᠣᠯᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号