1 — 9 ᠳ᠋ᠦ᠋ᠭᠡᠷ ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠡᠷ ᠪᠠᠶᠢᠰᠢᠩ ᠭᠠᠵᠠᠷ | ᠬᠥᠷᠥᠩᠭᠡ ᠶᠢᠨ ᠬᠥᠮᠥᠷᠭᠡ ᠶᠢᠨ ᠠᠵᠤ ᠠᠬᠤᠶᠢᠯᠠᠯ 15᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠬᠦ ᠲᠥᠷᠥᠯ ᠵᠦᠢᠯ 15᠂ ᠡᠭᠦᠨ ᠳᠤ ᠪᠠᠷᠢᠯᠭ᠎ᠠ ᠳᠠᠭᠤᠰᠴᠤ ᠬᠤᠳᠠᠯᠳᠤᠵᠤ ᠪᠠᠶᠢᠭ᠎ᠠ ᠲᠥᠷᠥᠯ ᠵᠦᠢᠯ 1᠂ | ᠪᠠᠶᠢᠭᠤᠯᠵᠤ ᠪᠠᠶᠢᠭ᠎ᠠ ᠲᠥᠷᠥᠯ ᠵᠦᠢᠯ 13᠂ ᠰᠢᠨ᠎ᠡ ᠪᠠᠷ ᠪᠠᠶᠢᠭᠤᠯᠬᠤ ᠲᠥᠷᠥᠯ ᠵᠦᠢᠯ 3 ᠪᠤᠢ᠃ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 34.6% ᠪᠠᠷ | ᠨᠡᠮᠡᠭᠳᠡᠵᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠰᠢᠯᠲᠠᠭᠠᠨ᠄ ᠡᠩ | ᠲᠡᠷᠢᠭᠦᠨ ᠳᠤ᠂ ᠲᠤᠰ ᠵᠢᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠤᠭ᠎ᠠ ᠡᠳᠦᠢ ᠲᠡᠳᠦᠢ | ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5 ᠨᠡᠮᠡᠭᠳᠡᠵᠦ᠂ ᠳᠠᠷᠠᠭᠠᠯᠠᠯ ᠢᠶᠠᠷ᠂ ᠡᠯ᠎ᠡ ᠲᠣᠮᠣ | ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠤ ᠳᠠᠷᠠᠭ᠎ᠠ᠂ ᠪᠠᠷᠢᠯᠭ᠎ᠠ ᠶᠢᠨ ᠠᠵᠢᠯ ᠤᠨ ᠠᠬᠢᠴᠠ | ᠨᠡᠯᠢᠶᠡᠳ ᠲᠦᠷᠭᠡᠨ ᠮᠥᠷᠲᠡᠭᠡᠨ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠳᠣᠲᠣᠷᠠᠬᠢ 50% ᠠᠴᠠ | ᠳᠡᠭᠡᠭᠰᠢᠬᠢ ᠲᠥᠷᠥᠯ ᠵᠦᠢᠯ ᠨᠢ ᠨᠢᠭᠡᠨᠲᠡ ᠠᠵᠢᠯ ᠲᠤᠰᠢᠶᠠᠵᠤ ᠰᠢᠯᠭᠠᠨ ᠠᠪᠬᠤ ᠱᠠᠲᠤᠨ ᠳᠤ ᠬᠦᠷᠴᠦ᠂ ᠠᠵᠤ | ᠠᠬᠤᠶᠢᠯᠠᠯ ᠨᠢ ᠪᠡᠯᠡ ᠮᠥᠩᠭᠦ ᠶᠢᠨ ᠫᠢᠶᠣᠣ ᠪᠠᠷᠢᠮᠲᠠ ᠪᠠᠨ ᠪᠤᠴᠠᠭᠠᠨ ᠠᠪᠴᠢᠷᠠᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠪᠡᠯᠡ ᠣᠷᠣᠭᠤᠯᠤᠯᠲᠠ ᠪᠠᠨ ᠳᠡᠭᠡᠭᠰᠢᠯᠡᠭᠦᠯᠪᠡ᠃ | 1 — 9 ᠰᠠᠷ᠎ᠠ ᠳᠤ ᠲᠠᠸᠠᠷ ᠤᠨ ᠭᠡᠷ ᠪᠠᠶᠢᠰᠢᠩ ᠢ ᠪᠣᠷᠣᠯᠠᠭᠤᠯᠬᠤ ᠠᠵᠢᠯᠯᠠᠭ᠎ᠠ ᠶᠢᠨ ᠲᠥᠷᠥᠯ ᠵᠦᠢᠯ 12 | ᠪᠠᠶᠢᠵᠤ᠂ ᠲᠤᠰ ᠵᠢᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 114766 ᠺᠦᠸᠠᠳ᠋ | ᠮᠧᠲᠷ᠂ ᠠᠳᠠᠯᠢ ᠬᠤᠭᠤᠴᠠᠭᠠᠨ ᠤ ᠬᠢ ᠠᠴᠠ 195.68%᠂ ᠪᠣᠷᠣᠯᠠᠭᠤᠯᠤᠯᠲᠠ ᠶᠢᠨ ᠬᠡᠮᠵᠢᠶ᠎ᠡ 53806 ᠲᠦᠮᠡᠨ | ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 210% ᠪᠠᠷ ᠨᠡᠮᠡᠭᠳᠡᠪᠡ᠃ |