1 ᠰᠠᠷ᠎ᠠ ᠶᠢᠨ 6 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠶᠢᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ | ᠰᠢᠨ᠎ᠡ ᠵᠢᠯ ᠤᠨ ᠪᠠᠶᠠᠷ ᠤᠨ ᠦᠭᠡ ᠪᠣᠯᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ | ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠤᠳᠤᠷᠢᠳᠬᠤ | ᠪᠠᠭ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ | ᠰᠤᠷᠤᠯᠴᠠᠨ ᠡᠵᠡᠮᠰᠢᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ᠢᠯᠠᠩᠭᠤᠶ᠎ᠠ ︽ᠥᠪᠥᠷ ᠮᠣᠩᠭᠤᠯ ᠤᠨ | ᠬᠠᠭᠤᠳᠠᠰᠤ︾ ᠢᠢ ᠰᠠᠶᠢᠲᠤᠷ ᠰᠤᠷᠤᠯᠴᠠᠨ ᠣᠶᠢᠯᠠᠭᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠭᠡᠬᠦ ᠬᠡᠷᠡᠭᠲᠡᠶ︔ ᠤᠯᠤᠰ ᠲᠦᠷᠦ ᠶᠢᠨ ᠰᠡᠷᠭᠡᠭ ᠴᠢᠨᠠᠷ ᠢᠶᠠᠨ | ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠳᠤ ᠴᠥᠮ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ | ᠤᠯᠤᠰ ᠲᠦᠷᠦ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ︔ ᠠᠷᠠᠳ ᠲᠦᠮᠡᠨ ᠳᠤ ᠪᠤᠶᠠᠨ ᠦᠢᠯᠡᠳᠬᠦ | ᠵᠠᠰᠠᠭ ᠤᠨ ᠠᠵᠢᠯ ᠤᠨ ᠠᠮᠵᠢᠯᠲᠠ ᠪᠥᠳᠤᠮᠵᠢ ᠶᠢᠨ ᠦᠵᠡᠯᠲᠡ ᠶᠢ ᠪᠠᠲᠤ ᠪᠣᠶ ᠪᠣᠯᠭᠠᠵᠤ᠂ ᠪᠣᠳᠠᠲᠤ ᠶᠠᠪᠤᠳᠠᠯ ᠢ | ᠪᠣᠳᠠᠲᠠᠶ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠬᠦᠴᠢᠷ ᠶᠠᠪᠤᠳᠠᠯ ᠢ ᠲᠣᠬᠢᠲᠠᠶ ᠰᠢᠢᠳᠪᠦᠷᠢᠯᠡᠬᠦ ᠬᠡᠷᠡᠭᠳᠡᠢ᠂ | ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠣᠰᠣᠭᠠᠷ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠵᠡᠷᠭᠡ ᠨᠢᠭᠡ ᠪᠦᠯᠦᠭ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠡᠷᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠲᠠᠯ᠎ᠠ ᠶᠢᠨ | ᠤᠶᠤᠨ ᠤᠬᠠᠭᠠᠨ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ᠮᠣᠩᠭᠤᠯ ᠮᠤᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠬᠢᠯᠡᠭᠦᠯᠦᠮᠡᠭᠴᠡ | ᠲᠠᠶᠢᠯᠠᠯᠳᠤᠭᠠᠨ ᠢᠶᠠᠨ ᠡᠬᠢᠯᠡᠭᠦᠯᠵᠦ᠂ 2024 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ | ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ᠭᠤᠷᠪᠠᠨ | ᠣᠯᠠᠨ ᠭᠤᠷᠪᠠᠨ ᠴᠥᠭᠡᠨ ᠭᠤᠷᠪᠠᠨ ᠤᠳᠠᠭᠠᠨ﹀ ᠪᠠᠶᠢᠬᠤ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠬᠤ ᠲᠤᠬᠠᠶ | ᠬᠤᠷᠢᠨ ᠵᠤᠷᠪᠤᠰ ᠠᠷᠭ᠎ᠠ ᠬᠡᠮᠵᠢᠶ᠎ᠡ︾ ᠶᠢ ᠤᠯᠠᠮᠵᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠨᠥᠬᠦᠳ | ᠲᠦᠷᠦᠭᠦᠯᠡᠨ ᠰᠠᠬᠢᠯᠭ᠎ᠠ ᠪᠠᠲᠤ᠂ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠲᠡᠭᠡᠷ᠎ᠡ ᠱᠠᠲᠤ ᠨᠢ | ᠲᠤᠤᠷ᠎ᠠ ᠱᠠᠲᠤ ᠪᠠᠨ ᠳᠠᠭᠠᠭᠤᠯᠵᠤ᠂ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ | ︾ ᠢ ᠬᠢᠨᠠᠨ ᠵᠥᠪᠯᠡᠵᠦ ᠪᠠᠲᠤᠯᠠᠨ᠂ ︽ᠵᠢᠷᠭᠤᠭᠠᠨ ᠢᠨᠵᠧᠨᠧᠷᠢᠩ︾ ᠢ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ | ᠬᠡᠷᠡᠭᠵᠢᠭᠦᠯᠬᠦ ᠲᠥᠰᠦᠯ ᠢ ᠱᠠᠯᠠᠪᠳᠠᠨ ᠰᠤᠳᠤᠯᠵᠤ᠂ ᠣᠨ ᠤ ᠠᠵᠢᠯ ᠤᠨ ᠨᠠᠷᠢᠨ ᠲᠠᠩᠰᠠ ᠶᠢ ᠲᠣᠳᠣᠷᠬᠠᠶᠢᠯᠠᠨ᠂ | ᠡᠷᠲᠡᠬᠡᠨ ᠬᠥᠳᠡᠯᠦᠯᠴᠡᠵᠦ᠂ ᠪᠥᠬᠦ ᠬᠦᠴᠦᠨ ᠢᠶᠠᠷ ᠢᠶᠠᠨ ᠠᠳᠬᠤᠨ᠂ ᠲᠦᠷᠭᠡᠨ ᠦᠷ᠎ᠡ ᠪᠦᠲᠦᠮᠵᠢ ᠭᠠᠷᠭᠠᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ | ᠲᠤᠬᠠᠶ ᠵᠢᠯᠣᠭᠤᠳᠬᠤ ᠰᠠᠨᠠᠯ ᠵᠢᠴᠢ 2024 ᠣᠨ ᠤ ᠠᠵᠢᠯ ᠤᠨ ᠭᠤᠤᠯᠳᠠᠯᠭ᠎ᠠ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠲᠦᠷᠭᠡᠳᠭᠡᠨ ᠠᠬᠢᠭᠤᠯᠬᠤ ᠬᠡᠷᠡᠭᠵᠢᠭᠦᠯᠬᠦ ᠰᠠᠨᠠᠯ ᠵᠢᠴᠢ ᠢᠵᠢ ᠪᠥᠷᠢᠳᠦᠭᠦᠯᠦᠭᠰᠡᠨ | ᠲᠤᠯᠤᠭᠠᠨ ᠠᠵᠢᠯᠯᠠᠭ᠎ᠠ ᠶᠢᠨ ᠲᠥᠰᠦᠯ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ | ᠬᠡᠷᠡᠭᠵᠢᠭᠦᠯᠬᠦ ᠲᠥᠰᠦᠯ ᠢ ᠰᠤᠳᠤᠯᠵᠤ᠂ ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ᠂ ᠬᠢᠯᠢ ᠶᠢᠨ ᠪᠣᠭᠤᠮᠲᠠ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠪᠣᠯᠤᠨ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ | ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠬᠢᠨᠠᠨ ᠵᠥᠪᠯᠡᠵᠦ ᠪᠠᠲᠤᠯᠠᠪᠠ᠃ |