ᠬᠤᠷᠴᠢᠨ ᠬᠤᠪᠴᠠᠰᠤ ᠵᠠᠰᠠᠯ ᠤᠨ ᠲᠤᠬᠠᠢ ᠤᠴᠢᠷᠲᠠᠢ ᠰᠠᠶᠢᠬᠠᠨ ᠵᠣᠭᠤᠭ
ᠨᠡᠶᠢᠲᠡᠯᠡᠭᠰᠡᠨ ᠴᠠᠭ᠄
2024/1/9
   ᠬᠤᠷᠴᠢᠨ ᠬᠤᠪᠴᠠᠰᠤ ᠵᠠᠰᠠᠯ ᠪᠣᠯ ᠬᠤᠷᠴᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ᠂ ᠮᠥᠨ ᠴᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠨᠠᠨᠳᠢᠨ ᠥᠪ ᠪᠣᠯᠣᠨ᠎ᠠ᠃ ᠳᠡᠬᠡᠪᠡᠯ ᠬᠤᠷᠴᠢᠨ ᠬᠤᠪᠴᠠᠰᠤ ᠵᠠᠰᠠᠯ ᠬᠡᠷᠬᠢᠨ ᠤᠯᠠᠷᠢᠨ ᠬᠤᠪᠢᠰᠴᠤ᠂ ᠶᠠᠮᠠᠷ ᠥᠪᠡᠷᠮᠢᠴᠡ ᠣᠨᠴᠠᠯᠢᠭ ᠢ ᠬᠠᠳᠠᠭᠠᠯᠠᠨ᠂ ᠢᠷᠡᠭᠡᠳᠦᠢ ᠳᠤ ᠶᠠᠭᠠᠬᠢᠵᠤ ᠳᠠᠪᠠᠭᠤᠯᠢᠭ ᠢᠶᠠᠨ ᠪᠠᠳᠠᠷᠠᠭᠤᠯᠵᠤ ᠬᠥᠭᠵᠢᠯᠲᠡ ᠪᠠᠨ ᠣᠯᠬᠤ ᠪᠤᠢ᠃ ᠡᠨᠡ ᠲᠤᠬᠠᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠵᠠᠬᠢᠷᠤᠯ ᠳ᠋ᠣᠺᠲ᠋ᠣᠷ ᠤᠨ ᠵᠢᠯᠣᠭᠤᠳᠤᠭᠴᠢ ᠪᠠᠭᠰᠢ ᠣᠴᠢ ᠠᠴᠠ ᠰᠣᠷᠪᠤᠯᠵᠢᠯᠠᠭ᠎ᠠ ᠠᠪᠤᠭᠰᠠᠨ ᠪᠠᠶᠢᠨ᠎ᠠ᠃ ᠬᠤᠷᠴᠢᠨ ᠬᠤᠪᠴᠠᠰᠤ ᠵᠠᠰᠠᠯ ᠢᠶᠠᠷ ᠠᠪᠴᠤ ᠵᠢᠱᠢᠶᠡᠯᠡᠵᠦ ᠦᠵᠡᠪᠡᠯ ᠡᠨᠡ ᠳᠣᠲᠣᠷ᠎ᠠ ︽ᠬᠤᠷᠴᠢᠨ︾ ᠭᠡᠰᠡᠨ ᠨᠡᠷ᠎ᠡ ᠨᠢᠳᠡᠷ ᠲᠡᠭᠡᠨ ᠲᠡᠩᠴᠡᠭᠰᠡᠨ ᠬᠠᠰᠠᠷ ᠤᠨ ᠬᠤᠶᠢᠴᠢᠰ ᠤᠨ ᠣᠨᠴᠠᠯᠢᠭ ᠰᠢᠨᠵᠢ ᠲᠣᠳᠣᠷᠬᠠᠢ ᠢᠯᠡᠷᠡᠵᠦ ᠪᠤᠢ᠃ ᠤᠴᠢᠷ ᠨᠢ ᠬᠤᠷᠴᠢᠨ ᠤ ᠡᠷᠡᠭᠲᠡᠶᠢᠴᠦᠳ ᠪᠣᠯ ᠳᠡᠪᠡᠯ ᠲᠡᠷᠯᠢᠭ ᠠᠴᠠ ᠠᠪᠤᠭᠠᠳ ᠵᠠᠰᠠᠯ ᠵᠡᠮᠰᠡᠭ ᠨᠢ ᠬᠦᠷᠳᠡᠯ᠎ᠠ ᠪᠦᠷ ᠬᠤᠷᠴᠢᠨ ᠰᠣᠶᠣᠯ ᠤᠨ ᠣᠨᠴᠠᠯᠢᠭ ᠲᠣᠳᠣᠷᠬᠠᠢ ᠢᠯᠡᠷᠡᠳᠡᠭ᠃ ᠲᠡᠷᠯᠢᠭ ᠠᠴᠠ ᠠᠪᠴᠤ ᠦᠵᠡᠪᠡᠯ᠂ ᠣᠯᠠᠩᠬᠢ ᠭᠠᠵᠠᠷ ᠤᠨ ᠡᠷᠡᠭᠲᠡᠶᠢᠴᠦᠳ ᠤᠨ ᠲᠡᠷᠯᠢᠭ ᠤᠨ ᠬᠤᠶᠠᠷ ᠲᠠᠯ᠎ᠠ ᠳᠤᠨᠢ ᠵᠠᠶᠢᠴᠠ ᠦᠭᠡᠢ ᠪᠠᠶᠢᠳᠠᠭ᠃   ᠬᠤᠷᠴᠢᠨ ᠤ ᠡᠷᠡᠭᠲᠡᠶᠢᠴᠦᠳ ᠤᠨ ᠲᠡᠷᠯᠢᠭ ᠤᠨ ᠵᠠᠶᠢᠴᠠ ᠨᠢ ᠲᠣᠳᠣᠷᠬᠠᠢ ᠮᠥᠷᠲᠡᠭᠡᠨ ᠡᠮᠵᠢᠶᠡᠷᠢ ᠪᠠᠷ ᠨᠢ ᠵᠠᠶᠢᠴᠠ ᠪᠠᠨ ᠲᠣᠳᠣᠷᠬᠠᠢ ᠢᠯᠡᠷᠡᠭᠦᠯᠳᠡᠭ᠃ ᠡᠨᠡ ᠨᠢ ᠳᠠᠶᠢᠨ ᠳᠠᠵᠢᠨ ᠳᠤ ᠱᠠᠯᠠᠮᠠᠭᠠᠢ ᠶᠠᠪᠤᠵᠤ ᠰᠠᠭᠤᠬᠤ ᠳᠤ ᠳᠦᠬᠦᠮ ᠪᠠᠢᠬᠤ ᠡᠷᠲᠡ ᠦᠶ᠎ᠡ ᠶᠢᠨ ᠣᠨᠴᠠᠯᠢᠭ ᠰᠢᠨᠵᠢ ᠶᠢ ᠬᠤᠷᠴᠢᠨ ᠤ ᠬᠤᠪᠴᠠᠰᠤ ᠵᠠᠰᠠᠯ ᠳᠤ ᠲᠣᠳᠣᠷᠬᠠᠢ ᠬᠠᠷᠠᠭᠤᠯᠵᠤ ᠪᠠᠶᠢᠨ᠎ᠠ᠃ ᠤᠴᠢᠷ ᠨᠢ ᠵᠠᠶᠢᠰᠠ ᠲᠠᠢ ᠬᠤᠪᠴᠠᠰᠤ ᠵᠠᠰᠠᠯ ᠨᠢ ᠳᠠᠶᠢᠨ ᠪᠠᠶᠢᠯᠳᠤᠭᠠᠨ ᠳᠤ ᠮᠣᠷᠢᠨ ᠳᠠᠭᠠᠨ ᠮᠣᠷᠳᠠᠬᠤ ᠳᠤ ᠨᠡᠩ ᠬᠤᠷᠳᠤᠨ ᠮᠥᠷᠲᠡᠭᠡᠨ ᠨᠡᠩ ᠱᠠᠯᠠᠮᠠᠭᠠᠢ ᠪᠠᠶᠢᠳᠠᠭ᠃ ᠡᠨᠡ ᠬᠦ ᠣᠨᠴᠠᠯᠢᠭ ᠰᠢᠨᠵᠢ ᠶᠢ ᠲᠣᠳᠣᠷᠠᠭᠤᠯᠵᠤ ᠴᠢᠳᠠᠭᠰᠠᠨ ᠪᠠᠶᠢᠨ᠎ᠠ᠃ ᠬᠤᠷᠴᠢᠨ ᠡᠷᠡᠭᠲᠡᠶᠢᠴᠦᠳ ᠡᠷᠡᠬᠡᠢ ᠬᠤᠷᠤᠭᠤ ᠳᠠᠭᠠᠨ ᠡᠷᠡᠬᠡᠶᠢᠪᠴᠢ ᠵᠡᠭᠦᠵᠦ ᠂ ᠡᠷᠡᠬᠡᠢ ᠮᠡᠷᠭᠡᠨ ᠤ ᠡᠷᠡᠮᠡᠬᠡᠢ ᠵᠠᠩ ᠴᠢᠨᠠᠷ ᠢ ᠬᠠᠷᠠᠭᠤᠯᠤᠭᠰᠠᠨ ᠪᠠᠶᠢᠨ᠎ᠠ᠃   ᠬᠤᠷᠴᠢᠨ ᠡᠷᠡᠭᠲᠡᠶᠢᠴᠦᠳ ᠡᠷᠡᠬᠡᠶᠢᠪᠴᠢ ᠬᠢᠬᠦ ᠦᠶᠡᠰ ᠲᠤ ᠥᠭᠡᠷ᠎ᠡ ᠣᠷᠣᠨ ᠨᠤᠲᠤᠭ ᠠᠴᠠ ᠣᠨᠴᠠᠯᠢᠭᠳᠠᠭᠰᠠᠨ ᠨᠠᠷᠢᠨ ᠤᠷᠠᠨ ᠤᠷ᠎ᠠ ᠮᠡᠷᠭᠡᠵᠢᠯ ᠲᠣᠳᠣᠷᠬᠠᠢ ᠢᠯᠡᠷᠡᠵᠦ ᠪᠠᠶᠢᠳᠠᠭ᠃ ᠨᠤᠮᠤ ᠰᠠᠭᠠᠳᠠᠭ᠂ ᠬᠡᠳᠡ ᠴᠠᠬᠢᠭᠤᠷ ᠭᠡᠬᠦ ᠮᠡᠲᠦ ᠶᠢᠨ ᠬᠤᠷᠴᠢᠨ ᠡᠷᠡᠭᠲᠡᠶᠢᠴᠦᠳ ᠤᠨ ᠵᠡᠮᠰᠡᠭ ᠤᠨ ᠵᠦᠢᠯᠡᠰ ᠢ ᠬᠤᠷᠴᠢᠨ ᠮᠦᠽᠧᠢ ᠠᠴᠠ ᠲᠡᠭᠦᠨ ᠤ ᠣᠨᠴᠠᠯᠢᠭ ᠰᠢᠨᠵᠢ ᠶᠢ ᠲᠣᠳᠣᠷᠬᠠᠢ ᠣᠯᠵᠤ ᠬᠠᠷᠠᠵᠤ ᠪᠣᠯᠣᠨ᠎ᠠ᠃ ᠵᠢᠱᠢᠶᠡᠯᠡᠪᠡᠯ᠂ ᠡᠳᠡᠭᠡᠷ ᠵᠡᠮᠰᠡᠭ ᠤᠨ ᠳᠡᠭᠡᠷ᠎ᠡ ᠰᠡᠶᠢᠯᠦᠭᠰᠡᠨ ᠬᠡ ᠤᠭᠠᠯᠵᠠ ᠨᠢ ᠥᠭᠡᠷ᠎ᠡ ᠣᠷᠣᠨ ᠨᠤᠲᠤᠭ ᠠᠴᠠ ᠢᠯᠭᠠᠭᠳᠠᠳᠠᠭ ᠣᠨᠴᠠᠯᠢᠭ ᠰᠢᠨᠵᠢ ᠪᠠᠶᠢᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号