ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 12 ᠰᠠᠯᠠᠭ᠎ᠠ | ᠮᠥᠴᠢᠷ ᠲᠠᠢ ᠬᠠᠮᠲᠤᠷᠠᠨ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠵᠦ᠂ ᠵᠢᠯ ᠤᠨ ᠰᠡᠭᠦᠯᠴᠢ ᠪᠠ ᠵᠢᠯ ᠤᠨ | ᠡᠬᠢᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠨᠠᠷ ᠴᠢᠨᠰᠠᠭ᠎ᠠ ᠪᠠ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠡᠨᠡ ᠤᠳᠠᠭᠠᠨ ᠤ ᠲᠤᠰᠬᠠᠢ ᠴᠡᠭᠴᠡᠯᠡᠨ ᠵᠠᠰᠠᠯᠲᠠ 12 ᠰᠠᠷ᠎ᠠ ᠶᠢᠨ ᠡᠬᠢᠨ ᠠᠴᠠ 2024 ᠣᠨ ᠤ ᠬᠠᠪᠤᠷ ᠤᠨ | ᠤᠯᠠᠷᠢᠯ ᠤᠨ ᠰᠤᠷᠭᠠᠭᠤᠯᠢ ᠡᠬᠢᠯᠡᠬᠦ ᠪᠣᠯᠲᠠᠯ᠎ᠠ ᠦᠷᠭᠦᠯᠵᠢᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ | ᠵᠣᠬᠢᠶᠠᠨ ᠪᠠᠶᠢᠭᠤᠯᠵᠤ ᠤᠳᠤᠷᠢᠳᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ | ᠳᠣᠭᠲᠠᠯᠴᠠᠭ᠎ᠠ ᠶᠢ ᠪᠠᠶᠢᠭᠤᠯᠬᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠢ ᠬᠠᠮᠠᠭᠠᠯᠠᠵᠤ | ᠶᠡᠷᠦᠩᠬᠡᠶᠢᠯᠡᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠪᠠᠶᠢᠩᠭᠤ ᠶᠢᠨ ᠡᠷᠡᠭᠦᠯ ᠬᠠᠮᠠᠭᠠᠯᠠᠯ ᠪᠠ ᠬᠢᠵᠢᠭ ᠢ | ᠰᠡᠷᠭᠡᠶᠢᠯᠡᠬᠦ ᠵᠡᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠶᠡᠷᠦᠩᠬᠡᠶᠢᠯᠡᠨ ᠴᠡᠭᠴᠡᠯᠡᠨ ᠵᠠᠰᠠᠬᠤ ᠪᠣᠯᠤᠨ᠎ᠠ᠃ | ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤ ᠬᠠᠮᠵᠢᠯᠴᠠᠬᠤ ᠶᠢᠨ ᠲᠥᠯᠦᠭᠡ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ | ᠭᠡᠷ 4 ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠠᠶᠢᠮᠠᠭ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠬᠢᠨᠠᠨ ᠵᠢᠯᠣᠭᠤᠳᠴᠤ ᠪᠠᠶᠢᠴᠠᠭᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ 12 | ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠶᠢᠮᠠᠭ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ | ᠴᠡᠴᠡᠷᠯᠢᠭ ᠤᠨ ︽ᠰᠤᠷᠭᠠᠭᠤᠯᠢ ᠶᠢ ᠬᠠᠮᠠᠭᠠᠯᠠᠵᠤ ᠴᠡᠴᠡᠷᠯᠢᠭ ᠢ ᠠᠮᠤᠷᠵᠢᠭᠤᠯᠬᠤ︾ ᠪᠠᠶᠢᠳᠠᠯ ᠢ ᠲᠤᠰᠬᠠᠢ | ᠪᠠᠶᠢᠴᠠᠭᠠᠪᠠ︔ | ᠪᠦᠬᠦ ᠣᠷᠣᠨ ᠤ 58 ᠶᠡᠭᠡ ᠳᠡᠭᠡᠳᠦ ᠰᠤᠷᠭᠠᠭᠤᠯᠢ ᠰᠣᠯᠪᠢᠴᠠᠵᠤ ᠬᠠᠷᠢᠯᠴᠠᠨ ᠪᠠᠶᠢᠴᠠᠭᠠᠪᠠ᠃ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ | ᠠᠮᠤᠷ ᠲᠦᠪᠰᠢᠨ ᠤ ᠳᠠᠯᠳᠠ ᠭᠡᠮ ᠤᠨ ᠦᠯᠦ ᠣᠨᠣᠭᠳᠠᠬᠤ ᠭᠠᠵᠠᠷ ᠪᠠ ᠪᠠᠯᠠᠢ ᠭᠠᠵᠠᠷ ᠢ ᠴᠢᠩᠭ᠎ᠠ ᠠᠩᠬᠠᠷᠴᠤ᠂ | ᠬᠠᠷᠢᠭᠤᠴᠠᠯᠭ᠎ᠠ ᠶᠢᠨ ᠤᠬᠠᠮᠰᠠᠷ ᠪᠠ ᠡᠭᠦᠷᠭᠡᠯᠡᠯ ᠤᠨ ᠤᠬᠠᠮᠰᠠᠷ ᠢᠶᠠᠨ ᠤᠯᠠᠮ ᠴᠠᠭᠠᠰᠢᠳᠠ ᠴᠢᠩᠭᠠᠳᠬᠠᠵᠤ᠂ | ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ | ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠭᠰᠢ | ᠰᠤᠷᠤᠭᠴᠢᠳ ᠤᠨ ᠬᠤᠪᠢ ᠪᠡᠶ᠎ᠡ ᠶᠢᠨ ᠠᠮᠤᠷ ᠲᠦᠪᠰᠢᠨ ᠪᠠ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠡᠮᠬᠢ ᠵᠢᠷᠤᠮ ᠢ ᠪᠠᠲᠤᠯᠠᠬᠤ ᠬᠡᠷᠡᠭᠲᠡᠢ᠃ |