ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 86 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/11
10 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 86 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠶᠠᠷᠢᠯᠴᠠᠵᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾ ᠶᠢ ᠬᠢᠨᠠᠨ ᠵᠥᠪᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠠᠶᠢᠭᠤᠯᠤᠯ ᠤᠨ ᠳᠠᠪᠠᠭᠤᠯᠢᠭ ᠢ ᠨᠡᠩ ᠰᠠᠶᠢᠲᠤᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ︔ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠰᠢᠭᠤᠴᠢ ᠵᠢᠱᠢᠶᠡᠴᠢ ᠬᠥᠮᠦᠰ ᠤᠨ ᠦᠢᠯᠡ ᠶᠠᠪᠤᠳᠠᠯ ᠢ ᠢᠳᠡᠪᠬᠢᠲᠡᠢ ᠤᠬᠠᠭᠤᠯᠵᠤ᠂ ᠪᠠᠭᠠᠲᠤᠷ ᠵᠢᠱᠢᠶᠡᠴᠢ ᠶᠢ ᠬᠠᠯᠠᠮᠵᠢᠯᠠᠨ ᠬᠠᠶᠢᠷᠠᠯᠠᠬᠤ ᠬᠡᠷᠡᠭᠲᠡᠢ᠃ ᠬᠤᠷᠠᠯ ᠠᠴᠠ ᠱᠠᠭᠠᠷᠳᠠᠭᠰᠠᠨ ᠨᠢ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠲᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ᠨᠠᠮ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠪᠡᠯᠡᠳᠬᠡᠯ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠪᠦᠬᠦᠢ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号