ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/11
   ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠦᠨᠳᠦᠰᠦᠨ ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠵᠠᠯᠠᠭᠤᠴᠤᠳ ᠪᠠᠭᠠᠴᠤᠳ ᠤᠨ ᠰᠡᠳᠬᠢᠯ ᠳᠤ ᠣᠷᠣᠭᠤᠯᠬᠤ ᠶᠢᠨ ᠲᠥᠯᠥᠭᠡ᠂ ᠲᠦᠷᠦᠭᠦᠬᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢᠶᠠᠨ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠡᠯ᠎ᠡ ᠰᠤᠷᠭᠠᠭᠤᠯᠢ ᠳᠤ ᠬᠦᠷᠴᠦ ︽ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠤᠬᠠᠭᠤᠯᠭ᠎ᠠ ᠶᠢᠨ ᠥᠩᠭᠡᠲᠦ ᠬᠠᠭᠤᠳᠠᠰᠤ᠂ ᠬᠠᠤᠯᠢ ᠲᠦᠭᠡᠮᠡᠯᠵᠢᠭᠦᠯᠬᠦ ᠭᠠᠷ ᠤᠭᠤᠲᠠ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠠᠤᠯᠢ ᠪᠠᠷ ᠵᠠᠰᠠᠬᠤ ᠤᠬᠠᠭᠤᠯᠭ᠎ᠠ ᠬᠢᠵᠦ᠂ ︽ᠬᠠᠤᠯᠢ ᠶᠢ ᠰᠤᠷᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ︾ ᠠᠭᠤᠷ ᠠᠮᠢᠰᠬᠤᠯ ᠢ ᠪᠣᠢ ᠪᠣᠯᠭᠠᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠣᠶᠢᠯᠠᠭᠠᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠨᠢ ᠮᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠣᠯᠭᠠᠵᠤ᠂ ᠦᠨᠳᠦᠰᠦᠨ ᠬᠠᠤᠯᠢ ᠶᠢᠨ ᠡᠷᠬᠡ ᠠᠰᠢᠭ ᠢ ᠡᠳ᠋ᠯᠡᠬᠦ ᠶᠢᠨ ᠬᠠᠮᠲᠤ ᠦᠨᠳᠦᠰᠦᠨ ᠬᠠᠤᠯᠢ ᠶᠢᠨ ᠬᠠᠤᠯᠢ ᠴᠠᠭᠠᠵᠠ ᠶᠢᠨ ᠡᠭᠦᠷᠭᠡ ᠶᠢ ᠨᠡᠩ ᠴᠤ ᠡᠭᠦᠷᠭᠡᠯᠡᠬᠦ ᠬᠡᠷᠡᠭᠲᠡᠢ᠃ ᠡᠭᠦᠨ ᠤ ᠬᠠᠮᠲᠤ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠭᠤᠣᠯᠳᠠᠯᠭ᠎ᠠ ᠲᠠᠢ ᠲᠦᠭᠡᠮᠡᠯᠵᠢᠭᠦᠯᠵᠦ᠂ ᠰᠤᠷᠤᠭᠴᠢ ᠶᠢᠨ ᠣᠨᠴᠠᠯᠢᠭ ᠲᠠᠢ ᠤᠶᠠᠯᠳᠤᠭᠤᠯᠤᠨ᠂ ᠣᠯᠠᠨ ᠬᠡᠯᠪᠡᠷᠢ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠢ ᠬᠠᠪᠰᠤᠷᠤᠨ ᠬᠠᠤᠯᠢ ᠪᠠᠷ ᠵᠠᠰᠠᠬᠤ ᠤᠬᠠᠮᠰᠠᠷ ᠢ ᠨᠢ ᠪᠣᠢ ᠪᠣᠯᠭᠠᠵᠤ᠂ ᠬᠠᠤᠯᠢ ᠪᠠᠷ ᠵᠠᠰᠠᠬᠤ ᠦᠵᠡᠯᠲᠡ ᠶᠢ ᠨᠢ ᠳᠡᠭᠡᠭᠰᠢᠯᠡᠭᠦᠯᠦᠨ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠢ ᠰᠠᠬᠢᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠬᠡᠷᠡᠭᠲᠡᠢ᠃    ᠲᠤᠰ ᠤᠳᠠᠭᠠᠨ ᠤ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠨᠢ ᠰᠤᠷᠤᠭᠴᠢᠳ ᠲᠤ ᠦᠨᠳᠦᠰᠦᠨ ᠬᠠᠤᠯᠢ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠭᠰᠠᠨ ᠢᠶᠠᠷ ᠪᠠᠷᠠᠬᠤ ᠦᠭᠡᠢ᠂ ᠪᠠᠰᠠ ᠲᠡᠳᠡᠨ ᠤ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠬᠠᠤᠯᠢ ᠪᠠᠷ ᠵᠠᠰᠠᠬᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号