ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠦᠷᠦᠭᠦᠯᠡᠨ 10 ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠦᠬᠦ ᠬᠤᠰᠢᠭᠤᠨ ᠤ ᠰᠤᠷᠭᠠᠭᠤᠯᠢ ︵ᠬᠡᠦᠬᠡᠳ ᠤᠨ ᠴᠡᠴᠡᠷᠯᠢᠭ︶ ᠳᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/10/11
   ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠶᠢᠨ ᠲᠥᠯᠥᠭᠡ᠂ 9 ᠰᠠᠷ᠎ᠠ ᠶᠢᠨ 23 ᠤ ᠡᠳᠦᠷ ᠠᠴᠠ 10 ᠰᠠᠷ᠎ᠠ ᠶᠢᠨ 9 ᠤ ᠡᠳᠦᠷ ᠪᠣᠯᠲᠠᠯ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠦᠷᠦᠭᠦᠯᠡᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ᠂ ᠪᠠᠶᠢᠴᠠᠭᠠᠬᠤ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠬᠤᠲᠠ ᠶᠢᠨ ᠬᠢᠨᠠᠨ ᠪᠠᠶᠢᠴᠠᠭᠠᠬᠤ᠂ ᠴᠠᠬᠢᠯᠭᠠᠨ ᠬᠦᠴᠦᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ 10 ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠵᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠬᠤᠰᠢᠭᠤᠨ ᠤ 44 ᠰᠤᠷᠭᠠᠭᠤᠯᠢ ︵ᠬᠡᠦᠬᠡᠳ ᠤᠨ ᠴᠡᠴᠡᠷᠯᠢᠭ︶᠂ 17 ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠵᠢᠴᠢ 122 ᠰᠤᠷᠭᠠᠭᠤᠯᠢ ᠶᠢᠨ ᠭᠠᠳᠠᠨᠠᠬᠢ ᠬᠤᠨᠣᠭᠯᠠᠬᠤ ᠭᠠᠵᠠᠷ ᠲᠤ ᠭᠦᠨᠵᠡᠭᠡᠶᠢᠷᠡᠨ 1 ᠡᠭᠡᠯᠵᠢ ᠶᠢᠨ ᠪᠦᠬᠦ ᠲᠠᠯ᠎ᠠ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠲᠤᠰᠬᠠᠢ ᠪᠠᠶᠢᠴᠠᠭᠠᠬᠤ ᠠᠵᠢᠯ ᠢ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠢ ᠰᠤᠷᠭᠠᠭᠤᠯᠢ ᠶᠢᠨ ᠳᠣᠲᠣᠷᠠᠬᠢ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠴᠠᠭᠠᠬᠤ ᠳᠤᠭᠤᠶᠢᠯᠠᠩ ᠪᠠ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ︵ᠰᠤᠷᠭᠠᠭᠤᠯᠢ ᠶᠢᠨ ᠭᠠᠳᠠᠨᠠᠬᠢ ᠬᠤᠨᠣᠭᠯᠠᠬᠤ ᠭᠠᠵᠠᠷ ᠪᠠᠭᠲᠠᠨ᠎ᠠ︶ ᠤᠨ ᠪᠠᠶᠢᠴᠠᠭᠠᠬᠤ ᠳᠤᠭᠤᠶᠢᠯᠠᠩ ᠬᠤᠪᠢᠶᠠᠵᠤ᠂ ᠬᠠᠮᠲᠤ ᠳᠤᠨᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠨ᠎ᠡ᠃ ᠡᠯ᠎ᠡ ᠠᠵᠢᠯᠯᠠᠬᠤ ᠳᠤᠭᠤᠶᠢᠯᠠᠩ ᠨᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠤᠷᠪᠤᠯᠵᠢᠯᠠᠨ ᠶᠠᠷᠢᠯᠴᠠᠵᠤ ᠣᠶᠢᠯᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠠᠶᠤᠯᠲᠠᠢ ᠬᠢᠮᠢ ᠶᠢᠨ ᠪᠣᠳᠠᠰ ︵ᠲᠤᠷᠰᠢᠯᠲᠠ ᠶᠢᠨ ᠲᠠᠰᠤᠭ︶ ᠤᠨ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ᠂ ︽ᠭᠤᠷᠪᠠ ᠶᠢ ᠰᠡᠷᠭᠡᠶᠢᠯᠡᠬᠦ︾ ᠪᠦᠲᠦᠭᠡᠨ ᠪᠠᠶᠢᠭᠤᠯᠤᠯᠲᠠ᠂ ᠰᠤᠷᠭᠠᠭᠤᠯᠢ ᠶᠢᠨ ᠪᠠᠶᠢᠷᠢ ᠶᠢᠨ ᠶᠠᠰᠤ ᠴᠢᠨᠠᠷ ᠤᠨ ᠠᠮᠤᠷ ᠲᠦᠪᠰᠢᠨ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ᠂ ᠬᠤᠣᠷ ᠴᠠᠭᠠᠵᠠᠯᠠᠬᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ᠂ ᠱᠠᠰᠢᠨ ᠰᠤᠷᠲᠠᠬᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ︵ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ︶ ᠶᠢᠨ ᠡᠭᠦᠳᠡᠨ ᠬᠠᠮᠠᠭᠠᠯᠠᠯᠲᠠ᠂ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠪᠠᠶᠢᠷᠢ ᠶᠢᠨ ᠭᠡᠷ᠂ ᠴᠢᠳᠠᠮᠵᠢ ᠶᠢᠨ ᠲᠠᠰᠤᠭ᠂ ᠲᠤᠷᠰᠢᠯᠲᠠ ᠶᠢᠨ ᠲᠠᠰᠤᠭ᠂ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠪᠠ ᠰᠤᠷᠭᠠᠭᠤᠯᠢ ᠶᠢᠨ ᠭᠠᠳᠠᠨᠠᠬᠢ ᠬᠤᠨᠤᠭ ᠤᠨ ᠴᠡᠭ ᠲᠤ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃ ᠪᠠᠶᠢᠴᠠᠭᠠᠬᠤ ᠳᠤᠭᠤᠶᠢᠯᠠᠩ ᠢᠯᠡᠷᠡᠭᠦᠯᠦᠭᠰᠡᠨ ᠳᠠᠯᠳᠠ ᠭᠡᠮ ᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠬᠠᠷᠢᠭᠤ ᠲᠤᠰᠬᠠᠬᠤ ᠪᠠ ᠲᠥᠪᠯᠡᠷᠡᠭᠦᠯᠦᠨ ᠬᠠᠷᠢᠭᠤ ᠲᠤᠰᠬᠠᠬᠤ ᠬᠡᠯᠪᠡᠷᠢ ᠪᠠᠷ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠡᠷᠡ ᠳᠠᠷᠤᠢ ᠳᠤᠨᠢ ᠮᠡᠳᠡᠵᠦ ᠲᠡᠷᠡ ᠳᠠᠷᠤᠢ ᠳᠤᠨᠢ ᠥᠭᠡᠷᠡᠴᠢᠯᠡᠵᠦ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠪᠠᠭᠤᠯᠭᠠᠬᠤ ᠶᠢᠨ ᠬᠠᠮᠲᠤ ︽ᠭᠤᠷᠪᠠᠨ ᠨᠠᠷᠢᠨ ᠳᠠᠩᠰᠠ︾ ᠪᠠᠶᠢᠭᠤᠯᠵᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠪᠠᠶᠢᠴᠠᠭᠠᠯᠲᠠ ᠪᠠᠷ ᠳᠠᠮᠵᠢᠨ᠂ ᠡᠯ᠎ᠡ ᠰᠤᠷᠭᠠᠭᠤᠯᠢ ᠶᠢᠨ ᠨᠡᠶᠢᠲᠡ ᠡᠩ ᠤᠨ ᠴᠢᠨᠠᠷᠲᠠᠢ ᠠᠰᠠᠭᠤᠳᠠᠯ ᠨᠡᠶᠢᠲᠡ 139 ᠪᠣᠳᠠᠲᠠᠢ ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 36 ᠬᠤᠪᠢ ᠪᠠᠭᠤᠯᠭᠠᠪᠠ᠃ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠰᠤᠷᠭᠠᠭᠤᠯᠢ ᠶᠢᠨ ᠭᠠᠳᠠᠨᠠᠬᠢ ᠬᠤᠨᠣᠭᠯᠠᠬᠤ ᠭᠠᠵᠠᠷ ᠲᠤ ᠡᠩ ᠤᠨ ᠴᠢᠨᠠᠷᠲᠠᠢ ᠠᠰᠠᠭᠤᠳᠠᠯ 5 ᠲᠥᠷᠥᠯ ᠤᠨ ᠨᠡᠶᠢᠲᠡ 289 ᠪᠣᠳᠠᠲᠠᠢ ᠠᠰᠠᠭᠤᠳᠠᠯ ᠢ ᠢᠯᠡᠷᠡᠭᠦᠯᠵᠦ ᠂ ᠬᠠᠮᠢᠶ᠎ᠠ ᠪᠦᠬᠦᠢ ᠲᠠᠰᠤᠭ ᠪᠠ ᠰᠤᠷᠭᠠᠭᠤᠯᠢ᠂ ᠬᠠᠷᠢᠶ᠎ᠠ ᠣᠷᠣᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠰᠤᠷᠭᠠᠭᠤᠯᠢ ᠶᠢᠨ ᠭᠠᠳᠠᠨᠠᠬᠢ ᠬᠤᠨᠣᠭᠯᠠᠬᠤ ᠭᠠᠵᠠᠷ ᠤᠨ ᠥᠮᠴᠢᠲᠡᠨ ᠢ ᠬᠠᠮᠵᠢᠯᠴᠠᠨ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠤᠨ᠎ᠠ᠃    ᠲᠤᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠬᠠᠮᠲᠤᠷᠠᠭᠰᠠᠨ ᠪᠠᠶᠢᠴᠠᠭᠠᠯᠲᠠ ᠨᠢ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠦᠨ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠳᠦᠷᠢᠮᠵᠢᠯᠲᠡ᠂ ᠵᠢᠷᠤᠮᠵᠢᠭᠤᠯᠤᠯᠲᠠ ᠪᠠ ᠨᠠᠷᠢᠯᠢᠭᠵᠢᠭᠤᠯᠤᠯᠲᠠ ᠶᠢ ᠭᠦᠨᠵᠡᠭᠡᠢ ᠠᠬᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠠᠯ ᠭᠠᠷᠬᠤ ᠶᠢ ᠪᠦᠲᠦᠮᠵᠢᠲᠡᠢ ᠬᠤᠷᠢᠭᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号