ᠪᠦᠭᠦ ᠣᠷᠣᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ ᠰᠦᠨ ᠱᠤᠤ ᠴᠧᠩ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/10/11
   10 ᠰᠠᠷ᠎ᠠ ᠶᠢᠨ 9 ᠤ ᠡᠳᠦᠷ᠂ ᠪᠦᠭᠦ ᠣᠷᠣᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠦᠨ ᠱᠤᠤ ᠴᠧᠩ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠨᠢ ᠨᠠᠮ ᠤᠨ ᠪᠡᠶ᠎ᠡ ᠴᠣᠭᠴᠠᠰ ᠲᠤ ︽ᠡᠷᠡᠭᠦᠯ ᠤᠨ ᠪᠠᠶᠢᠴᠠᠭᠠᠯᠲᠠ ᠬᠢᠬᠦ︾᠂ ᠨᠠᠮ ᠤᠨ ᠦᠢᠯᠡᠰ ᠲᠤ ︽ᠴᠢᠰᠤᠨ ᠰᠤᠳᠠᠯ ᠢ ᠨᠡᠪᠲᠡᠷᠡᠭᠦᠯᠬᠦ︾ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠣᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠬᠢᠨ ᠬᠦᠷᠦᠯᠴᠡᠬᠦ ᠦᠭᠡᠢ ᠲᠠᠯ᠎ᠠ ᠪᠠᠨ ᠮᠡᠳᠡᠬᠦ ᠲᠦᠭᠰᠢᠭᠦᠷᠢᠲᠦ ᠪᠤᠳᠤᠯ ᠪᠣᠯᠣᠨ ᠬᠦᠨᠳᠦ ᠡᠭᠦᠷᠭᠡ ᠶᠢ ᠡᠭᠦᠷᠭᠡᠯᠡᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠤᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠲᠠᠢ ᠨᠢᠭᠲᠠ ᠤᠶᠠᠯᠳᠤᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠬᠢᠨᠠᠯᠲᠠ ᠲᠠᠯᠪᠢᠬᠤ᠂ ᠠᠰᠠᠭᠤᠳᠠᠯ ᠢ ᠣᠨᠣᠪᠴᠢᠲᠠᠢ ᠢᠯᠡᠷᠡᠭᠦᠯᠬᠦ᠂ ᠴᠡᠭᠴᠡᠯᠡᠨ ᠰᠠᠶᠢᠵᠢᠷᠠᠭᠤᠯᠵᠤ ᠪᠣᠳᠠᠲᠠᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠪᠦᠷᠢᠨ ᠪᠦᠲᠦᠨ ᠬᠡᠯᠬᠢᠶ᠎ᠡ ᠶᠢ ᠴᠢᠷᠮᠠᠶᠢᠨ ᠪᠦᠷᠢᠯᠳᠦᠭᠦᠯᠵᠦ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠢᠨ ᠰᠦᠷᠳᠡᠭᠦᠯᠬᠦ ᠬᠦᠴᠦᠨ ᠪᠣᠯᠣᠨ ᠨᠡᠪᠲᠡᠯᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ ᠭᠡᠪᠡ     ᠰᠦᠨ ᠱᠤᠤ ᠴᠧᠩ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠦᠨᠳᠦᠰᠦᠨ ᠡᠭᠦᠷᠭᠡ ᠪᠣᠯ ︽ᠬᠤᠶᠠᠷ ᠢ ᠬᠠᠮᠠᠭᠠᠯᠠᠬᠤ︾ ᠶᠠᠪᠤᠳᠠᠯ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ︽ᠬᠤᠭᠤᠰᠤᠨ᠂ ᠪᠦᠳᠦᠭᠦᠯᠢᠭ᠂ ᠠᠬᠠᠳᠠᠬᠤ︾ ᠠᠰᠠᠭᠤᠳᠠᠯ ᠢ ᠰᠢᠢᠳᠪᠦᠷᠢᠯᠡᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ︽ᠲᠠᠪᠤᠨ ᠶᠡᠭᠡ ᠡᠭᠦᠷᠭᠡ︾᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠪᠠ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠶᠢ ᠠᠩᠬᠠᠷᠤᠨ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠬᠢᠨᠠᠯᠲᠠ ᠪᠠᠨ ᠴᠢᠩᠭᠠᠳᠬᠠᠵᠤ᠂ ᠠᠵᠢᠯᠯᠠᠭ᠎ᠠ ᠨᠢ ᠤᠳᠠᠭᠠᠨ᠂ ᠥᠭᠡᠷᠡᠴᠢᠯᠡᠯᠲᠡ ᠳᠤ ᠰᠠᠭᠠᠳ ᠪᠤᠯᠬᠤ ᠪᠤᠶᠤ ᠥᠭᠡᠷᠡᠴᠢᠯᠡᠯᠲᠡ ᠶᠢ ᠬᠠᠷᠰᠢᠯᠠᠵᠤ ᠪᠠᠶᠢᠭ᠎ᠠ ᠠᠰᠠᠭᠤᠳᠠᠯ ᠵᠢᠴᠢ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢ ᠲᠡᠭᠡᠭᠰᠢᠯᠡᠭᠦᠯᠭᠦ ᠶᠢ ᠥᠯᠥ ᠴᠢᠬᠤᠯᠠᠴᠢᠯᠠᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠳᠠᠯ ᠪᠣᠯᠣᠨ ᠡᠯ᠎ᠡ ᠱᠠᠲᠤᠨ ᠤ ᠰᠢᠨ᠎ᠡ ᠶᠢ ᠡᠭᠦᠳᠬᠦ ᠶᠢ ᠵᠥᠪ ᠴᠢᠭᠯᠡᠯ ᠢᠶᠠᠷ ᠤᠷᠮᠠᠰᠢᠭᠤᠯᠬᠤ᠂ ᠠᠯᠳᠠᠭ᠎ᠠ ᠪᠤᠷᠤᠭᠤ ᠶᠢ ᠰᠡᠷᠭᠡᠶᠢᠯᠡᠨ ᠠᠭᠤᠴᠢᠯᠠᠬᠤ ᠵᠡᠷᠭᠡ ᠱᠠᠭᠠᠷᠳᠠᠯᠭ᠎ᠠ ᠳᠠᠬᠢ ᠬᠢᠨᠠᠯᠲᠠ ᠪᠠᠨ ᠴᠢᠩᠭᠠᠳᠬᠠᠵᠤ᠂ ᠡᠷᠴᠢ ᠵᠣᠷᠢᠭ ᠢᠶᠠᠨ ᠤᠯᠠᠮ ᠨᠢᠭᠡ ᠠᠯᠬᠤᠮ ᠬᠥᠪᠴᠢᠯᠡᠬᠦ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠬᠦᠴᠦᠯᠡᠨ ᠵᠠᠯᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠰᠠᠭᠤᠳᠠᠯ ᠤᠨ ᠰᠦᠪᠡᠭᠴᠢ ᠶᠢ ᠭᠦᠨᠵᠡᠭᠡᠢ ᠠᠭᠤᠳᠠᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠬᠢᠨᠠᠯᠲᠠ ᠶᠢ ᠴᠢᠬᠤᠯᠠ ᠠᠭᠤᠯᠭ᠎ᠠ ᠪᠤᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠢ ᠭᠡᠪᠡ᠃    ᠰᠦᠨ ᠱᠤᠤ ᠴᠧᠩ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠢᠨ ︽ᠪᠣᠮᠪᠤ ᠶᠢᠨ ᠤᠪᠠᠳᠢᠰ ᠮᠢᠩᠭᠠᠨ ᠲᠣᠬᠤᠢ︾ ᠪᠠᠷ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠴᠠ ᠵᠠᠶᠢᠯᠠᠬᠤ ︽ᠪᠤᠭ ᠤᠨ ᠡᠷᠳᠡᠮ ᠠᠯᠳᠠ ᠬᠦᠷᠬᠦ︾ ᠠᠰᠠᠭᠤᠳᠠᠯ ᠢ ᠠᠷᠭᠠᠴᠠᠭᠠᠨ ᠰᠢᠢᠳᠪᠦᠷᠢᠯᠡᠬᠦ ᠬᠡᠷᠡᠭᠲᠡᠢ᠃ ᠡᠯ᠎ᠡ ᠬᠦᠷᠢᠶᠡᠨ ᠳᠠᠬᠢ ᠠᠰᠠᠭᠤᠳᠠᠯ ᠤᠨ ᠰᠢᠨ᠎ᠡ ᠦᠩᠭᠡᠨ ᠲᠠᠯ᠎ᠠ᠂ ᠲᠠᠯᠲᠠ ᠴᠢᠨᠠᠷᠲᠠᠢ ᠣᠨᠳᠣᠣᠰᠢᠬᠤ ᠰᠢᠨ᠎ᠡ ᠠᠷᠭ᠎ᠠ ᠪᠠᠰᠢᠷ ᠢ ᠡᠵᠡᠮᠳᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠪᠠᠭ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠲᠠᠨ︾ ᠳᠠᠬᠢ ᠬᠢᠨᠠᠯᠲᠠ ᠪᠠᠨ ᠴᠢᠩᠭᠠᠳᠬᠠᠵᠤ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢ ᠴᠠᠭᠳᠠᠨ ᠪᠠᠶᠢᠴᠠᠭᠠᠬᠤ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠠᠶᠢᠴᠠᠭᠠᠭᠰᠠᠨ ᠤᠴᠢᠷ ᠶᠠᠪᠤᠳᠠᠯ ᠨᠢ ᠦᠨᠡᠨ ᠪᠣᠳᠠᠲᠠᠢ᠂ ᠲᠣᠭᠲᠠᠭᠠᠭᠰᠠᠨ ᠰᠢᠨᠵᠢ ᠴᠢᠨᠠᠷ ᠨᠢ ᠣᠨᠣᠪᠴᠢᠲᠠᠢ᠂ ᠬᠤᠶᠢᠨᠠᠬᠢ ᠰᠢᠢᠳᠪᠦᠷᠢᠯᠡᠭᠰᠡᠨ ᠦᠷ᠎ᠡ ᠳ᠋ᠦᠩ ᠨᠢ ᠵᠣᠬᠢᠰᠲᠠᠢ ᠪᠠᠶᠢᠬᠤ ᠬᠡᠷᠡᠭᠲᠡᠢ᠃ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠡᠭᠡᠷ᠎ᠡ ᠳᠣᠣᠷ᠎ᠠ ᠱᠠᠲᠤ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠢ ᠭᠡᠪᠡ᠃    ᠰᠦᠨ ᠱᠤᠤ ᠴᠧᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠪᠠᠷ ᠪᠠᠷᠠᠬᠤ ᠦᠭᠡᠢ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠪᠠ ᠬᠢᠨᠠᠯᠲᠠ ᠲᠠᠯᠪᠢᠬᠤ ᠳᠤ ᠬᠠᠮᠵᠢᠯᠴᠠᠬᠤ ᠬᠡᠷᠡᠭᠲᠡᠢ᠃ ᠡᠯ᠎ᠡ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠵᠣᠬᠢᠶᠠᠨ ᠪᠠᠶᠢᠭᠤᠯᠵᠤ ᠪᠡᠶᠡᠯᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠺᠠᠳ᠋ᠷ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠲᠣᠭᠲᠠᠭᠠᠯ ᠢ ᠵᠢᠱᠢᠶᠡᠴᠢ ᠪᠠᠷ ᠵᠢᠷᠤᠮᠯᠠᠵᠤ᠂ ᠠᠵᠢᠯ ᠢᠶᠠᠨ ᠲᠦᠢᠯ ᠤᠨ ᠬᠠᠷᠢᠭᠤᠴᠠᠯᠭ᠎ᠠ ᠲᠠᠢ ᠪᠠᠷ ᠰᠠᠶᠢᠲᠤᠷ ᠬᠢᠬᠦ ᠬᠡᠷᠡᠭᠲᠡᠢ ᠭᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠱᠤᠸᠠᠩ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠳᠠᠶᠢᠴᠢᠯᠠᠨ ᠪᠠᠶᠢᠷᠢᠯᠠᠭᠤᠯᠪᠠ ᠃ ᠲᠡᠷᠡ᠂ ᠪᠦᠭᠦ ᠣᠷᠣᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠣᠨᠴᠠᠭᠠᠶᠢᠯᠠᠨ ᠰᠦᠨ ᠱᠤᠤ ᠴᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠤᠬᠠᠮᠰᠠᠷ ᠠᠴᠠ ᠪᠠᠨ ᠦᠢᠯᠡᠴᠢᠯᠡᠵᠦ ᠪᠠᠲᠤᠯᠠᠬᠤ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠤᠨ ᠬᠢᠨᠠᠯᠲᠠ ᠲᠠᠯᠪᠢᠵᠤ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠬᠦ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠣᠭᠤᠷᠢᠨ ᠪᠠᠶᠢᠴᠠᠭᠠᠯᠲᠠ ᠥᠷᠨᠢᠭᠦᠯᠵᠦ᠂ ᠪᠦᠭᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠬᠢᠨᠠᠯᠲᠠ ᠲᠠᠯᠪᠢᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃    ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠢᠦᠢ ᠭᠠᠩ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠤ ᠡᠷᠬᠡ ᠣᠯᠭᠤᠭᠰᠠᠨ ᠲᠤᠰᠢᠶᠠᠯ ᠡᠭᠦᠷᠭᠡᠯᠡᠬᠦ ᠵᠢᠴᠢ ᠡᠭᠦᠷᠭᠡ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃    ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号