ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ ᠸᠠᠩ ᠯᠢ ᠰᠢᠶᠠ ᠯᠧᠢ ᠶᠠ ᠯᠢᠨ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ
ᠨᠡᠶᠢᠲᠡᠯᠡᠭᠰᠡᠨ ᠴᠠᠭ᠄
2024/10/11
   10 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠭᠦᠭᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ ᠨᠠᠮ ᠤᠨ ᠬᠤᠷᠢᠶ᠎ᠠ ᠶᠢᠨ ᠱᠦᠵᠢ ᠯᠧᠢ ᠶᠠ ᠯᠢᠨ ᠲᠠᠢ ᠠᠭᠤᠯᠵᠠᠭᠰᠠᠨ ᠪᠥᠭᠡᠳ ᠬᠠᠮᠲᠤ ᠪᠠᠷ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃    ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠯᠧᠢ ᠶᠠ ᠯᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠪᠦᠭᠦ ᠣᠷᠣᠨ ᠳᠠᠶᠠᠭᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠡᠯ᠎ᠡ ᠲᠠᠯ᠎ᠠ ᠪᠠᠷ ᠪᠦᠷ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠪᠠᠷ ᠲᠡᠮᠡᠴᠡᠵᠦ ᠪᠠᠶᠢᠨ᠎ᠠ᠃ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠯᠤᠰ ᠤᠨ ︽ᠠᠭᠤᠷᠬᠠᠢ ᠶᠢᠨ ᠪᠤᠯᠠᠭᠳᠠᠴᠠ ᠠᠮᠤ ᠶᠢᠨ ᠰᠠᠩ︾ ᠭᠡᠵᠦ ᠬᠡᠯᠡᠪᠡ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ ︶ ᠮᠠᠰᠢ ᠴᠢᠩᠭ᠎ᠠ ᠲᠤᠰᠬᠠᠢ ᠮᠡᠷᠭᠡᠵᠢᠯ ᠤᠨ ᠪᠣᠳᠠᠲᠤ ᠬᠦᠴᠦᠨ ᠲᠠᠢ ᠪᠠᠶᠢᠵᠤ᠂ ᠪᠢᠳᠠᠨ ᠲᠠᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠵᠡᠷᠭᠡ ᠲᠠᠯ᠎ᠠ ᠪᠠᠷ ᠥᠷᠭᠡᠨ ᠳᠡᠯᠭᠡᠷ ᠬᠠᠮᠲᠤᠷᠠᠯᠴᠠᠭᠠᠨ ᠤ ᠠᠯᠤᠰ ᠢᠷᠡᠭᠡᠳᠦᠢ ᠲᠠᠢ ᠶᠤᠮ᠃ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠢᠶᠠᠷ ᠰᠢᠨ᠎ᠡ ᠭᠠᠷᠤᠭ᠎ᠠ ᠪᠤᠯᠭᠠᠵᠤ᠂ ᠪᠠᠶᠢᠩᠭᠤᠵᠢᠭᠰᠠᠨ ᠣᠯᠣᠯᠴᠠᠭ᠎ᠠ ᠵᠣᠯᠭᠠᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠴᠢᠳᠠᠪᠤᠷᠢᠲᠠᠨ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠥᠪᠯᠡᠨ ᠲᠣᠭᠲᠠᠭᠰᠠᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃    ᠯᠧᠢ ᠶᠠ ᠯᠢᠨ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠯ ᠨᠢ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ ᠲᠤᠰᠬᠠᠢ ᠮᠡᠷᠭᠡᠵᠢᠯ ᠤᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠠᠭᠤᠷᠢ ᠮᠠᠰᠢᠨ ᠰᠠᠶᠢᠨ᠃ ᠪᠢᠳᠠ ᠳᠤᠷᠠᠲᠠᠶ᠎ᠠ ᠰᠢᠨᠵᠢᠯᠡᠭᠡᠨ ᠤ ᠰᠠᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤᠮᠳᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠦ ᠢᠯᠡᠳᠬᠡᠪᠡ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ ᠵᠠᠬᠢᠷᠤᠯ ᠰᠦᠨ ᠶᠢᠦ ᠬᠤᠩ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号