ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠦᠬᠦ ᠤᠯᠤᠰ ᠲᠤ ᠤᠤᠯ ᠤᠨ ᠭᠤᠷᠪᠠᠳᠤᠭᠠᠷ | ᠳᠡᠰ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠵᠢᠴᠢ ᠢᠳᠡᠭᠡᠨ ᠪᠠ ᠡᠮ ᠤᠨ ᠵᠦᠢᠯ᠂ ᠣᠷᠴᠢᠨ | ᠲᠣᠭᠤᠷᠢᠨ ᠤ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠠᠭ᠎ᠠ ᠮᠥᠴᠢᠷ ᠢ ᠨᠡᠶᠢᠳᠭᠡᠵᠦ᠂ ᠡᠭᠦᠷᠭᠡ | ᠴᠢᠳᠠᠪᠤᠷᠢ ᠶᠢ ᠨᠢ ᠠᠭᠤᠰᠤᠯᠴᠠᠭᠤᠯᠤᠨ᠂ ᠠᠮᠢ ᠠᠬᠤᠶ ᠶᠢᠨ ᠡᠬᠢ ᠪᠠᠶᠠᠯᠢᠭ ᠢᠶᠠᠷ ᠲᠦᠪᠯᠡᠷᠡᠩᠭᠦᠢ᠂ ᠬᠠᠮᠠᠭᠠᠯᠠᠬᠤ | ᠡᠭᠦᠷᠭᠡ ᠪᠠᠷ ᠬᠦᠨᠳᠦ ᠪᠠᠶᠢᠭ᠎ᠠ ᠭᠤᠤᠯᠳᠠᠯᠭ᠎ᠠ ᠲᠠᠢ ᠣᠷᠣᠨ ᠪᠦᠰᠡ ᠳᠤ ᠠᠮᠢ ᠠᠬᠤᠶ ᠶᠢᠨ ᠴᠠᠭᠳᠠᠭᠠᠨ ᠤ | ᠶᠠᠪᠤᠳᠠᠯ ᠤᠨ 77 ᠲᠠᠰᠤᠭ ᠢ ᠪᠦᠲᠦᠭᠡᠨ ᠪᠠᠶᠢᠭᠤᠯᠪᠠ᠃ ᠬᠠᠲᠤᠨ ᠭᠤᠤᠯ ᠳᠠᠭᠠᠤ ᠵᠡᠷᠭᠡ ᠭᠤᠤᠯᠳᠠᠯᠭ᠎ᠠ ᠲᠠᠢ ᠠᠮᠢ | ᠠᠬᠤᠶ ᠶᠢᠨ ᠣᠷᠣᠨ ᠪᠦᠰᠡ ᠳᠤ ᠣᠶᠤᠨᠴᠢ ᠮᠡᠳᠡᠷᠡᠮᠵᠢ ᠶᠢᠨ ᠦᠵᠦᠭᠦᠷ ᠢ 2040 ᠪᠠᠶᠢᠭᠤᠯᠵᠤ᠂ ︽ᠪᠦᠷᠢᠨ | ᠪᠦᠷᠬᠦᠭᠦᠯᠬᠦ᠂ ᠦᠵᠡᠭᠳᠡᠬᠦ᠋ᠢᠴᠡ᠂ ᠰᠡᠷᠡᠮᠵᠢᠯᠡᠭᠦᠯᠵᠦ ᠳᠡᠶᠢᠯᠬᠦ︾ ᠠᠮᠢ ᠠᠬᠤᠶ ᠶᠢᠨ ᠬᠠᠮᠠᠭᠠᠯᠠᠯᠲᠠ ᠶᠢᠨ ᠴᠠᠭᠳᠠᠭᠠᠨ ᠤ | ᠶᠠᠪᠤᠳᠠᠯ ᠤᠨ ᠰᠢᠨ᠎ᠡ ᠬᠡᠪ ᠵᠠᠭᠪᠤᠷ ᠢ ᠪᠣᠶ ᠪᠣᠯᠭᠠᠪᠠ᠃ ᠡᠨᠡ ᠵᠢᠯ ᠡᠬᠢᠯᠡᠭᠰᠡᠨ ᠠᠴᠠ ᠨᠠᠭᠠᠰᠢ᠂ ᠪᠥᠬᠦ ᠣᠷᠣᠨ ᠤ | ᠬᠠᠲᠤᠨ ᠭᠤᠤᠯ ᠳᠠᠭᠠᠤ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠠᠲᠤᠨ ᠭᠤᠤᠯ ᠤᠨ ᠰᠠᠪᠠ | ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ᠂ ᠣᠷᠴᠢᠨ ᠲᠣᠭᠤᠷᠢᠨ ᠢ | ᠪᠣᠬᠢᠷᠲᠤᠭᠤᠯᠬᠤ᠂ ᠬᠠᠤᠯᠢ ᠪᠤᠰᠤ ᠪᠠᠷ ᠠᠭᠤᠷᠬᠠᠶ ᠮᠠᠯᠲᠠᠬᠤ ᠵᠡᠷᠭᠡ ᠭᠤᠷᠪᠠᠨ ᠶᠡᠭᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠬᠦᠷᠢᠶᠡᠨ ᠳᠠᠬᠢ ᠡᠷᠡᠭᠦᠦ ᠶᠢᠨ ᠬᠡᠷᠡᠭ ᠢ | ᠨᠡᠶᠢᠲᠡ 494 ᠢᠯᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 66% ᠪᠠᠷ ᠨᠡᠮᠡᠭᠳᠡᠪᠡ᠃ ᠬᠠᠤᠯᠢ ᠪᠤᠰᠤ ᠪᠠᠷ | ᠤᠰᠤᠨ ᠤ ᠭᠠᠷᠤᠯᠲᠠ ᠶᠢ ᠠᠩᠨᠠᠵᠤ ᠱᠦᠭᠦᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠰᠤᠨ ᠤ | ᠭᠠᠷᠤᠯᠲᠠ ᠶᠢ ᠬᠠᠤᠯᠢ ᠪᠤᠰᠤ ᠪᠠᠷ ᠱᠦᠭᠦᠭᠰᠡᠨ ᠬᠡᠷᠡᠭ ᠢ ᠨᠡᠶᠢᠲᠡ 20 ᠤᠳᠠᠭ᠎ᠠ ᠢᠯᠡᠷᠡᠭᠦᠯᠵᠦ᠂ ᠡᠨᠡ ᠵᠢᠯ ᠤᠨ | ᠬᠠᠲᠤᠨ ᠭᠤᠤᠯ ᠤᠨ ᠳᠡᠭᠡᠳᠦ ᠤᠷᠤᠰᠬᠠᠯ ᠤᠨ ᠭᠤᠤᠯ ᠵᠠᠮ ᠤᠨ ᠪᠥᠬᠦ ᠤᠯᠤᠰ ᠲᠠᠬᠢ ᠠᠩᠬᠠᠳᠠᠭᠴᠢ ᠬᠡᠷᠡᠭ ᠤᠨ ︽ | 4 · 08︾ ᠤ ᠬᠠᠤᠯᠢ ᠪᠤᠰᠤ ᠪᠠᠷ ᠠᠩᠨᠠᠵᠤ ᠱᠦᠭᠦᠭᠰᠡᠨ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ | ᠬᠡᠷᠡᠭ ᠲᠤ ᠬᠤᠯᠪᠣᠭᠳᠠᠭᠰᠠᠨ ᠠᠩᠨᠠᠵᠤ ᠱᠦᠭᠦᠭᠰᠡᠨ ᠵᠢᠭᠠᠰᠤ 6000 ᠭᠠᠷᠤᠶ ᠵᠢᠩ ᠳᠤ ᠬᠦᠷᠴᠦ᠂ ᠨᠡᠶᠢᠲᠡ 10 | ᠲᠦᠮᠡ ᠭᠠᠷᠤᠶ ᠲᠥᠭᠦᠷᠢᠭ ᠠᠷᠠᠯᠵᠢᠶᠠᠯᠠᠭᠰᠠᠨ ᠪᠠᠶᠢᠨ᠎ᠠ᠃ ︵ᠳᠣᠲᠣᠭᠠᠳᠤ ᠶᠢ ᠬᠠᠮᠠᠭᠠᠯᠠᠬᠤ ᠲᠢᠩᠬᠢᠮ︶ |