ᠰᠢ ᠶᠢᠨ ᠫᠢᠩ ︽ᠪᠤᠭᠤᠷᠤᠯᠴᠤᠳ ᠤᠨ ᠠᠵᠢᠯᠯᠠᠭ᠎ᠠ︾ ᠶᠢᠨ ᠪᠤᠭᠤᠷᠤᠯ ᠰᠠᠶᠢᠨ ᠳᠤᠷᠠᠴᠤᠳ ᠤᠨ ᠲᠥᠯᠥᠭᠡᠯᠡᠭᠴᠢ ᠳᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ ᠨᠢ ᠥᠲᠡᠯᠪᠡᠯ ᠬᠦᠷᠲᠡᠬᠦ ᠠᠰᠠᠷᠠᠮᠵᠢ ᠲᠠᠢ ᠥᠲᠡᠯᠦᠭᠡ ᠨᠠᠰᠤᠨ ᠤ ᠪᠠᠶᠠᠷ ᠪᠠᠶᠠᠰᠤᠯ ᠢ ᠡᠳ᠋ᠯᠡᠬᠦ ᠮᠥᠷᠲᠡᠭᠡᠨ ᠥᠲᠡᠯᠦᠭᠰᠡᠨ ᠴᠦ ᠬᠢᠬᠦ ᠠᠵᠢᠯ ᠲᠠᠢ ᠪᠠᠶᠢᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ︽ᠪᠤᠭᠤᠷᠤᠯᠴᠤᠳ ᠤᠨ ᠬᠦᠴᠦᠨ ᠴᠢᠳᠠᠯ︾ ᠢᠶᠠᠨ ᠡᠷᠭᠦᠭᠡᠷᠡᠢ
ᠨᠡᠶᠢᠲᠡᠯᠡᠭᠰᠡᠨ ᠴᠠᠭ᠄
2024/10/11
   ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠪᠣᠯᠬᠤ ᠥᠲᠡᠭᠦᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ︽ᠪᠤᠭᠤᠷᠤᠯᠴᠤᠳ ᠤᠨ ᠠᠵᠢᠯᠯᠠᠭ᠎ᠠ︾ ᠶᠢᠨ ᠪᠤᠭᠤᠷᠤᠯ ᠰᠠᠶᠢᠨ ᠳᠤᠷᠠᠴᠤᠳ ᠤᠨ ᠲᠥᠯᠥᠭᠡᠯᠡᠭᠴᠢ ᠳᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠳᠣᠲᠣᠨᠣ ᠪᠠᠷ ᠵᠣᠷᠢᠭᠵᠢᠭᠤᠯᠵᠤ᠂ ᠪᠥᠬᠦ ᠤᠯᠤᠰ ᠤᠨ ᠨᠠᠰᠤᠲᠠᠶᠢᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃    ᠰᠢ ᠶᠢᠨ ᠫᠢᠩ᠂ ᠣᠯᠠᠨ ᠵᠢᠯ ᠤᠨ ᠲᠤᠷᠰᠢ᠂ ᠣᠯᠠᠨ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠥᠪᠡᠷ ᠤᠨ ᠰᠣᠷᠣᠭᠰᠠᠨ ᠵᠦᠢᠯ ᠥᠪᠡᠷ ᠤᠨ ᠳᠠᠪᠠᠭᠤᠯᠢᠭ ᠢᠶᠠᠨ ᠠᠰᠢᠭᠯᠠᠨ ᠦᠨᠳᠦᠰᠦᠨ ᠱᠠᠲᠤᠨ ᠳᠤ ᠦᠢᠯᠡᠴᠢᠯᠡᠵᠦ᠂ ᠣᠯᠠᠨ ᠲᠦᠮᠡᠨ ᠳᠤ ᠦᠢᠯᠡᠴᠢᠯᠡᠵᠦ᠂ ᠨᠡᠶᠢᠭᠡᠮ ᠳᠤ ᠢᠳᠡᠪᠬᠢ ᠬᠦᠴᠦᠨ ᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠨᠠᠰᠤᠲᠠᠶᠢᠴᠤᠳ ᠤᠨ ᠣᠶᠣᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠨᠠᠰᠤᠲᠠᠶᠢᠴᠤᠳ ᠪᠣᠯ ᠨᠠᠮ ᠪᠣᠯᠣᠨ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠃ ᠥᠷᠭᠡᠨ ᠣᠯᠠᠨ ᠨᠠᠰᠤᠲᠠᠶᠢᠴᠤᠳ ᠠᠭᠰᠢᠷᠠᠵᠤ ᠪᠠᠶᠢᠪᠠᠴᠤ ᠠᠯᠤᠰ ᠤᠨ ᠬᠦᠰᠡᠯᠡᠩ ᠲᠠᠢ᠂ ᠬᠥᠭᠰᠢᠷᠡᠬᠦ ᠲᠤᠲᠤᠮ ᠬᠦᠴᠦ ᠲᠡᠩᠬᠡᠭᠡ ᠲᠠᠢ ᠪᠣᠯᠬᠤ ᠡᠷᠡᠭᠦᠯ ᠰᠠᠷᠠᠭᠤᠯ ᠣᠪᠣᠷ ᠪᠠᠶᠢᠳᠠᠯ ᠪᠠ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠥᠲᠡᠯᠪᠡᠯ ᠬᠦᠷᠲᠡᠬᠦ ᠠᠰᠠᠷᠠᠮᠵᠢ ᠲᠠᠢ᠂ ᠥᠲᠡᠯᠦᠭᠡ ᠨᠠᠰᠤᠨ ᠤ ᠪᠠᠶᠠᠷ ᠪᠠᠶᠠᠰᠤᠯ ᠢ ᠡᠳ᠋ᠯᠡᠬᠦ ᠮᠥᠷᠲᠡᠭᠡᠨ ᠪᠠᠰᠠ ᠥᠲᠡᠯᠦᠭᠰᠡᠨ ᠴᠦ ᠬᠢᠬᠦ ᠠᠵᠢᠯ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ︽ᠪᠤᠭᠤᠷᠤᠯᠴᠤᠳ ᠤᠨ ᠬᠦᠴᠦᠨ ᠴᠢᠳᠠᠯ︾ ᠢᠶᠠᠨ ᠡᠷᠭᠦᠬᠦ ᠶᠢ ᠬᠦᠰᠡᠵᠦ ᠪᠠᠶᠢᠨ᠎ᠠ᠃    ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠰᠤᠲᠠᠶᠢᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠰᠤᠲᠠᠶᠢᠴᠤᠳ ᠤᠨ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠵᠤ᠂ ᠨᠠᠰᠤᠲᠠᠶᠢᠴᠤᠳ ᠤᠨ ᠠᠮᠢᠳᠤᠷᠠᠯ ᠢ ᠰᠠᠶᠢᠲᠤᠷ ᠪᠠᠲᠤᠯᠠᠵᠤ᠂ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠡᠷᠬᠡ ᠠᠰᠢᠭ ᠢ ᠨᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ︽ᠪᠤᠭᠤᠷᠤᠯᠴᠤᠳ ᠤᠨ ᠠᠵᠢᠯᠯᠠᠭ᠎ᠠ︾ ᠪᠣᠯ ᠪᠥᠬᠦ ᠤᠯᠤᠰ ᠤᠨ ᠨᠠᠰᠤᠲᠠᠶᠢᠴᠤᠳ ᠤᠨ ᠵᠥᠪᠯᠡᠯ ᠠᠴᠠ 2003 ᠣᠨ ᠳᠤ ᠥᠷᠨᠢᠭᠦᠯᠦᠭᠰᠡᠨ ᠨᠠᠰᠤᠲᠠᠶᠢᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠣᠯᠣᠨ᠎ᠠ᠂ ᠭᠤᠣᠯᠳᠠᠭᠤ ᠡᠯ᠎ᠡ ᠬᠦᠷᠢᠶᠡᠨ ᠤ ᠠᠬᠠᠮᠠᠳ ᠲᠤᠰᠬᠠᠢ ᠮᠡᠷᠭᠡᠵᠢᠯᠲᠡᠨ᠂ ᠠᠬᠠᠮᠠᠳ ᠫᠷᠣᠹᠧᠰᠰᠣᠷ ᠢ ᠵᠣᠬᠢᠶᠠᠨ ᠪᠠᠶᠢᠭᠤᠯᠵᠤ ᠬᠥᠭᠵᠢᠭᠡᠳᠦᠢ ᠭᠠᠵᠠᠷ ᠣᠷᠣᠨ ᠢ ᠳᠡᠮᠵᠢᠭᠦᠯᠪᠡ᠃ ᠣᠳᠣᠬᠠᠨ ᠪᠣᠯᠲᠠᠯ᠎ᠠ᠂ ᠪᠥᠬᠦ ᠤᠯᠤᠰ ᠤᠨ ︽ᠪᠤᠭᠤᠷᠤᠯᠴᠤᠳ ᠤᠨ ᠠᠵᠢᠯᠯᠠᠭ᠎ᠠ︾ ᠳᠤ ᠣᠷᠣᠯᠴᠠᠭᠰᠠᠨ ᠪᠤᠭᠤᠷᠤᠯ ᠰᠠᠶᠢᠨ ᠳᠤᠷᠠᠴᠤᠳ ᠨᠡᠶᠢᠲᠡ 700 ᠭᠠᠷᠤᠢ ᠲᠦᠮᠡᠨ ᠬᠥᠮᠥᠨ ᠤᠳᠠᠭ᠎ᠠ ᠳᠤ ᠬᠦᠷᠴᠦ᠂ 4000 ᠭᠠᠷᠤᠢ ᠲᠥᠷᠥᠯ ᠵᠦᠢᠯ ᠢ ᠲᠤᠰᠠᠯᠠᠨ ᠳᠡᠮᠵᠢᠬᠦ ᠠᠵᠢᠯ ᠥᠷᠨᠢᠭᠦᠯᠵᠦ᠂ ︽ᠪᠤᠭᠤᠷᠤᠯᠴᠤᠳ ᠤᠨ ᠠᠵᠢᠯᠯᠠᠭ᠎ᠠ︾ ᠨᠢ ᠨᠢᠭᠡᠨᠲᠡ ᠨᠠᠰᠤᠲᠠᠶᠢᠴᠤᠳ ᠤᠨ ᠥᠲᠡᠯᠦᠭᠰᠡᠨ ᠴᠦ ᠬᠢᠬᠦ ᠠᠵᠢᠯ ᠲᠠᠢ ᠪᠠᠶᠢᠬᠤ ᠶᠢ ᠠᠬᠢᠭᠤᠯᠬᠤ ᠴᠢᠬᠤᠯᠠ ᠲᠠᠪᠴᠠᠩ ᠤᠨ ᠨᠢᠭᠡ ᠪᠣᠯᠵᠠᠢ᠃ ᠣᠶᠢᠷ᠎ᠠ ᠳᠤ᠂ ︽ᠪᠤᠭᠤᠷᠤᠯᠴᠤᠳ ᠤᠨ ᠠᠵᠢᠯᠯᠠᠭ᠎ᠠ︾ ᠶᠢᠨ ᠪᠤᠭᠤᠷᠤᠯ ᠰᠠᠶᠢᠨ ᠳᠤᠷᠠᠴᠤᠳ ᠤᠨ ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠤᠨ ᠠᠴᠢ ᠶᠢ ᠬᠠᠷᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号