ᠯᠢ ᠴᠢᠶᠠᠩ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠪᠣᠯᠤᠨ ᠳᠤᠮᠳᠠᠳᠤ ᠶᠠᠫᠣᠨ ᠺᠣᠷᠢᠶᠠ ᠶᠢᠨ ᠤᠳᠤᠷᠢᠳᠬᠤ ᠬᠦᠮᠦᠰ ᠤᠨ 27 ᠲᠤᠭᠠᠷ ᠤᠳᠠᠭᠠᠨ ᠤ ᠬᠤᠷᠠᠯᠳᠤᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2024/10/11
   ᠰᠢᠨᠬᠤᠸᠠ ᠬᠤᠷᠢᠶᠠᠨ ᠤ ᠸᠠᠨ ᠰᠢᠶᠠᠩ 10 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 10 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠯᠠᠤᠰ ᠤᠨ ᠸᠠᠨ ᠰᠢᠶᠠᠩ 27 ᠳ᠋ᠤᠭᠠᠷ ᠤᠳᠠᠭ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠶᠠᠫᠣᠨ ᠺᠣᠷᠢᠶᠠ ︵10+ 3︶ ᠶᠢᠨ ᠤᠳᠤᠷᠢᠳᠬᠤ ᠬᠥᠮᠦᠰ ᠤᠨ ᠬᠤᠷᠠᠯ ᠳᠤ ᠣᠷᠣᠯᠴᠠᠪᠠ᠃    ᠯᠢ ᠴᠢᠶᠠᠩ᠂ ᠥᠩᠭᠡᠷᠡᠭᠰᠡᠨ ᠨᠢᠭᠡ ᠵᠢᠯ ᠳᠤ᠂ 10+3 ᠡᠯ᠎ᠡ ᠬᠦᠷᠢᠶᠡᠨ ᠤ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠣᠯᠤᠭᠰᠠᠨ ᠪᠥᠭᠡᠳ ᠪᠠᠰᠠ ᠵᠠᠷᠢᠮ ᠲᠣᠭᠲᠠᠭᠤᠨ ᠪᠤᠰᠤ᠂ ᠲᠣᠭᠲᠠᠭᠠᠯᠲᠤ ᠪᠤᠰᠤ ᠬᠦᠴᠦᠨ ᠵᠦᠢᠯ ᠳᠤ ᠲᠤᠯᠭᠠᠷᠠᠵᠤ ᠪᠠᠶᠢᠨ᠎ᠠ᠃ ᠠᠽᠢᠶ᠎ᠠ ᠲᠢᠪ ᠤᠨ ᠤᠯᠤᠰ ᠤᠳ ᠬᠠᠮᠲᠤ ᠶᠢᠨ ᠭᠡᠷ ᠣᠷᠣᠨ᠂ ᠠᠰᠢᠭ ᠲᠤᠰᠠ ᠪᠠ ᠠᠵᠠ ᠲᠣᠬᠢᠶᠠᠯ ᠲᠠᠢ ᠪᠠᠶᠢᠵᠤ᠂ ᠨᠡᠩ ᠴᠤ ᠬᠠᠮᠲᠤ ᠶᠢᠨ ᠥᠷᠲᠡᠭ ᠤᠨ ᠬᠥᠭᠡᠭᠡᠴᠡᠯᠳᠦᠯ ᠲᠠᠢ ᠶᠤᠮ᠃ ᠢᠷᠠᠭᠡᠲᠣᠢ ᠳᠤ ᠬᠠᠨᠳᠤᠨ᠂ ᠳᠤᠮᠳᠠᠳᠤ ᠤᠯᠤᠰ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ᠂ ᠶᠠᠫᠣᠨ ᠺᠣᠷᠢᠶᠠ ᠵᠡᠷᠭᠡ ᠠᠽᠢᠶ᠎ᠠ ᠲᠢᠪ ᠤᠨ ᠡᠯ᠎ᠡ ᠤᠯᠤᠰ ᠲᠠᠢ ᠬᠠᠮᠲᠤ ᠪᠠᠷ ᠠᠽᠢᠶ᠎ᠠ ᠲᠢᠪ ᠤᠨ ᠤᠬᠠᠮᠰᠠᠷ ᠢᠶᠠᠨ ᠪᠠᠲᠤᠳᠬᠠᠵᠤ᠂ ᠳᠣᠷᠣᠨᠠᠳᠠᠬᠢᠨ ᠤ ᠣᠶᠤᠨ ᠤᠬᠠᠭᠠᠨ ᠢᠶᠠᠨ ᠪᠠᠳᠠᠷᠠᠭᠤᠯᠤᠨ᠂ ᠡᠩᠬᠡ ᠲᠠᠶᠢᠪᠤᠩ ᠠᠮᠤᠷ ᠲᠣᠭᠲᠠᠭᠤᠨ᠂ ᠬᠠᠮᠲᠤ ᠪᠠᠷ ᠬᠦᠢᠭᠵᠢᠠ ᠬᠦᠢᠭᠵᠢᠵᠤ᠂ ᠨᠡᠭᠡᠭᠡᠯᠲᠡ ᠲᠠᠢ ᠪᠠᠷ ᠠᠭᠤᠰᠬᠠᠭᠰᠠᠨ ᠠᠽᠢᠶ᠎ᠠ ᠲᠢᠪ ᠵᠦᠢᠭ ᠯᠠᠪᠳᠠᠭᠤᠨ ᠤᠷᠤᠭᠰᠢᠯᠠᠨ᠎ᠠ᠃    ᠯᠢ ᠴᠢᠶᠠᠩ᠂ ᠲᠡᠷᠢᠭᠦᠯᠡᠭᠴᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠠᠽᠢᠶ᠎ᠠ ᠲᠢᠪ ᠤᠨ ᠰᠠᠶᠢᠨ ᠳᠡᠯᠡᠬᠡᠢ ᠶᠢᠷᠲᠢᠨᠴᠦ ᠰᠠᠶ᠋ᠢ ᠨᠡᠩ ᠰᠠᠶᠢᠨ ᠪᠠᠶᠢᠵᠤ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠦᠷᠭᠦᠯᠵᠢᠯᠡᠨ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ 10+ 3 ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠣᠷᠣᠨ ᠪᠦᠰᠡ ᠶᠢᠨ ᠪᠦᠲᠦᠴᠡ ᠳᠠᠬᠢ ᠲᠥᠪ ᠪᠠᠶᠢᠷᠢ ᠰᠠᠭᠤᠷᠢ ᠶᠢ ᠳᠡᠮᠵᠢᠵᠦ᠂ ᠭᠠᠵᠠᠷ ᠣᠷᠣᠨ ᠤ ᠤᠷᠲᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠠᠽᠢᠶ᠎ᠠ ᠲᠢᠪ ᠪᠣᠯᠤᠨ ᠳᠡᠯᠡᠬᠡᠢ ᠳ᠋ᠠᠬᠢᠨ ᠳᠤ ᠨᠡᠩ ᠣᠯᠠᠨ ᠲᠣᠭᠲᠠᠭᠠᠯᠲᠤ ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ᠃ ᠨᠢᠭᠡ ᠳᠤ᠂ ᠭᠠᠵᠠᠷ ᠣᠷᠣᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠦᠷᠭᠦᠯᠵᠢᠯᠡᠨ ᠪᠣᠢ ᠪᠣᠯᠭᠠᠵᠤ᠂ ᠬᠠᠷᠢᠯᠴᠠᠨ ᠬᠦᠨᠳᠦᠳᠬᠡᠬᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠵᠤ᠂ 10+ 3 ᠬᠠᠮᠲᠤᠷᠠᠯᠴᠠᠭᠠᠨ ᠤ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠬᠤᠶᠠᠷ ᠲᠤ᠂ ᠭᠠᠵᠠᠷ ᠣᠷᠣᠨ ᠤ ᠬᠥᠭᠵᠢᠯᠲᠡ ᠶᠢᠨ ᠤᠶᠠᠨ ᠬᠠᠳᠠᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠣᠷᠣᠨ ᠪᠦᠰᠡ ᠶᠢᠨ ᠠᠵᠤ ᠦᠢᠯᠡᠰ ᠤᠨ ᠰᠢᠰᠲ᠋ᠧᠮ ᠤᠨ ᠲᠣᠭᠲᠠᠭᠤᠨ ᠴᠢᠨᠠᠷ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠢ ᠴᠢᠨᠠᠷ ᠰᠠᠶᠢᠲᠠᠢ ᠬᠡᠷᠡᠭᠵᠢᠭᠦᠯᠬᠦ ᠬᠡᠷᠡᠭᠲᠡᠢ᠃ ᠳᠤᠮᠳᠠᠳᠤ ᠶᠠᠫᠣᠨ ᠺᠣᠷᠢᠶᠠ ᠶᠢᠨ ᠴᠢᠯᠥᠭᠡᠲᠦ ᠠᠷᠠᠯᠵᠢᠶᠠᠨ ᠤ ᠣᠷᠣᠨ ᠤ ᠬᠡᠯᠡᠯᠴᠡᠭᠡ ᠲᠦᠷᠭᠡᠳ ᠬᠦ ᠶᠢ ᠬᠦᠰᠡᠵᠦ ᠪᠠᠶᠢᠨ᠎ᠠ᠃ ᠭᠤᠷᠪᠠ ᠳᠤ᠂ ᠭᠠᠵᠠᠷ ᠣᠷᠣᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ 10+ 3 ᠲᠣᠭᠠᠴᠢᠯᠠᠯᠲᠠ᠂ ᠵᠣᠬᠢᠶᠠᠮᠠᠯ ᠣᠶᠤᠨ ᠴᠢᠳᠠᠪᠤᠷᠢ᠂ ᠪᠣᠬᠢᠷᠲᠤᠯ ᠦᠭᠡᠢ᠂ ᠬᠠᠩᠭᠠᠯᠭ᠎ᠠ ᠶᠢᠨ ᠬᠡᠯᠬᠢᠶ᠎ᠡ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠲᠦᠷᠭᠡᠨ ᠪᠤᠶᠢᠵᠢᠭᠤᠯᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃    ᠬᠤᠷᠠᠯ ᠳᠤ ᠣᠷᠣᠯᠴᠠᠭᠰᠠᠨ ᠤᠯᠤᠰ ᠤᠨ ᠤᠳᠤᠷᠢᠳᠬᠤ ᠬᠥᠮᠦᠰ ᠢᠯᠡᠷᠬᠡᠶᠢᠯᠡᠭᠰᠡᠨ ᠨᠢ᠂ ᠣᠳᠣᠬᠠᠨ ᠳᠤ ᠳᠡᠯᠡᠬᠡᠢ ᠶᠢᠨ ᠪᠤᠳᠤᠯᠢᠶᠠᠨᠲᠤ ᠴᠢᠨᠠᠷ ᠪᠠ ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ᠂ 103 ᠬᠠᠮᠲᠤᠷᠠᠨ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ᠂ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠡᠯ᠎ᠡ ᠲᠠᠯ᠎ᠠ ᠶᠢᠨ ᠬᠢᠨ ᠨᠢᠭᠲᠠᠷᠠᠨ ᠪᠦᠯᠬᠦᠮᠳᠡᠵᠦ᠂ ᠵᠣᠬᠢᠴᠠᠩᠭᠤᠢ ᠪᠠᠷ ᠬᠥᠳᠡᠯᠦᠯᠴᠡᠵᠦ᠂ ᠣᠯᠠᠨ ᠲᠠᠯᠠᠲᠤ ᠦᠵᠡᠯ ᠪᠣᠯᠤᠨ ᠠᠽᠢᠶ᠎ᠠ ᠲᠢᠪ ᠤᠨ ᠬᠠᠮᠲᠤ ᠶᠢᠨ ᠥᠷᠲᠡᠭ ᠢ ᠪᠠᠷᠢᠮᠲᠠᠯᠠᠵᠤ᠂ ᠣᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠬᠠᠮᠠᠭᠠᠯᠠᠵᠤ᠂ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ ᠭᠦᠢᠯᠭᠡᠭᠡ᠂ ᠲᠣᠭᠠᠴᠢᠯᠠᠭᠰᠠᠨ ᠠᠵᠤ ᠠᠬᠤᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠰᠣᠶᠣᠯ ᠢᠷᠭᠡᠨᠰᠢᠯ᠂ ᠪᠣᠬᠢᠷᠲᠤᠯ ᠦᠭᠡᠢ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠ ᠤᠶᠠᠨ ᠬᠠᠳᠠᠨ ᠴᠢᠨᠠᠷ ᠢ ᠬᠠᠮᠠᠭᠠᠯᠠᠵᠤ᠂ ᠭᠠᠵᠠᠷ ᠣᠷᠣᠨ ᠤ ᠬᠤᠯᠪᠣᠯᠳᠤᠨ ᠨᠡᠪᠲᠡᠷᠡᠯᠴᠡᠬᠦ ᠪᠠ ᠠᠵᠤ ᠠᠬᠤᠢ ᠶᠢᠨ ᠨᠢᠭᠡ ᠴᠤᠭᠴᠠᠵᠢᠯᠲᠠ ᠶᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭ᠎ᠠ ᠪᠣᠯᠤᠨ ᠡᠨᠧᠷᠭᠢ ᠶᠢᠨ ᠠᠮᠤᠷ ᠲᠦᠪᠰᠢᠨ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠵᠤ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠪᠠᠶᠢᠳᠠᠯ ᠪᠣᠯᠤᠨ ᠬᠥᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ︽ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠶᠠᠫᠣᠨ ᠬᠠᠨ ᠤᠯᠤᠰ ᠤᠨ ᠤᠳᠤᠷᠢᠳᠬᠤ ᠬᠥᠮᠦᠰ ᠤᠨ ᠣᠷᠣᠨ ᠪᠦᠰᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠨᠢᠭᠡᠳᠦᠮᠡᠯ ᠬᠤᠯᠪᠣᠭᠠᠯᠠᠯ ᠢ ᠴᠢᠩᠭᠠᠳᠬᠠᠬᠤ ᠲᠤᠬᠠᠢ ᠢᠯᠡᠷᠬᠡᠶᠢᠯᠡᠯᠲᠡ︾ ᠶᠢ ᠪᠠᠲᠤᠯᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号