ᠯᠢ ᠴᠢᠶᠠᠩ ᠠᠷᠪᠠ ᠶᠢᠰᠦᠳᠦᠭᠡᠷ ᠬᠤᠭᠤᠴᠠᠭᠠᠨ ᠤ ᠵᠡᠭᠦᠨ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/10/11
    ᠰᠢᠨᠬᠤᠸᠠ ᠬᠤᠷᠢᠶᠠᠨ ᠤ ᠸᠠᠨ ᠰᠢᠶᠠᠩ ᠤᠨ 10 ᠰᠠᠷ᠎ᠠ ᠶᠢᠨ 11 ᠤ ᠴᠠᠬᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 11 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠯᠠᠤᠰ ᠤᠨ ᠸᠠᠨ ᠰᠢᠶᠠᠩ ᠤᠨ 19 ᠳ᠋ᠤᠭᠡᠷ ᠬᠤᠭᠤᠴᠠᠭᠠᠨ ᠤ ᠵᠡᠭᠦᠨ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠪᠠ᠃    ᠯᠢ ᠴᠢᠶᠠᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠣᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠰᠡᠷᠭᠦᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ ᠡᠨᠡ ᠵᠢᠯ ᠪᠣᠯ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠨᠡᠶᠢᠲᠡᠯᠡᠭᠳᠡᠭᠰᠡᠨ 70 ᠵᠢᠯ ᠤᠨ ᠣᠢ ᠪᠣᠯᠤᠨ᠎ᠠ᠃ ᠰᠠᠮᠠᠭᠤᠷᠠᠯ ᠰᠣᠯᠪᠢᠴᠠᠭᠰᠠᠨ ᠳᠡᠯᠡᠬᠡᠢ ᠶᠢᠷᠲᠢᠨᠴᠦ ᠳᠤ ︽ᠨᠠᠶᠢᠷᠠᠮᠳᠠᠯ ᠢᠶᠠᠷ ᠵᠡᠷᠭᠡᠴᠡᠨ ᠤᠷᠤᠰᠢᠬᠤ︾ ᠨᠢ ᠨᠡᠩ ᠡᠷᠬᠢᠮ ᠨᠠᠨᠳᠢᠨ ᠪᠠᠶᠢᠵᠤ᠂ ᠡᠷᠬᠡ ᠲᠡᠭᠱᠢ ᠪᠠᠷ ᠬᠠᠨᠳᠤᠵᠤ᠂ ᠬᠠᠷᠢᠯᠴᠠᠨ ᠠᠱᠢᠭ ᠬᠦᠷᠲᠡᠨ᠂ ᠲᠣᠭᠲᠠᠭᠤᠨ ᠢ ᠬᠠᠮᠲᠤ ᠪᠠᠷ ᠠᠬᠢᠭᠤᠯᠵᠤ ᠪᠠᠶᠢᠭᠠᠳ ᠠᠽᠢᠶ᠎ᠠ ᠲᠢᠪ ᠤᠨ ᠲᠦᠷᠭᠡᠨ ᠬᠥᠭᠵᠢᠯᠲᠡ ᠶᠢ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠣᠯᠵᠤ᠂ ᠣᠯᠠᠨ ᠤᠯᠤᠰ ᠤᠨ ᠲᠥᠪ ᠭᠤᠣᠯᠴᠢ ᠱᠢᠳᠤᠷᠭᠤ ᠶᠣᠰᠣ ᠶᠢ ᠬᠠᠮᠠᠭᠠᠯᠠᠬᠤ ᠳᠤ ᠦᠷᠭᠦᠯᠵᠢᠯᠡᠨ ᠲᠠᠪᠤᠨ ᠵᠠᠷᠴᠢᠮ ᠠᠴᠠ ᠣᠶᠤᠨ ᠤᠬᠠᠭᠠᠨ ᠰᠢᠩᠭᠡᠭᠡᠨ ᠠᠪᠬᠤ ᠬᠡᠷᠡᠭᠲᠡᠢ᠃ ᠲᠠᠪᠤᠨ ᠵᠠᠷᠴᠢᠮ ᠨᠢ ᠡᠨᠡ ᠡᠳᠦᠷ ᠪᠠᠶᠢᠭᠰᠠᠨ ᠠᠴᠠ ᠪᠠᠨ ᠣᠳᠣ ᠪᠣᠯᠲᠠᠯ᠎ᠠ ᠴᠠᠭ ᠠᠴᠠ ᠬᠤᠴᠣᠷᠬᠤ ᠴᠠᠭ ᠭᠡᠵᠦ ᠪᠠᠶᠢᠬᠤ ᠦᠭᠡᠢ᠂ ᠬᠠᠷᠢᠨ ᠶᠡᠭᠡ ᠵᠠᠮ ᠠᠴᠠ ᠳᠥᠭᠦᠮ ᠠᠪᠰᠠᠷᠬᠠᠨ᠂ ᠶᠠᠪᠤᠬᠤ ᠲᠤᠲᠤᠮ ᠰᠢᠨᠡᠳᠴᠦ᠂ ᠴᠠᠭ ᠦᠶ᠎ᠡ ᠶᠢᠨ ᠦᠨ᠎ᠡ ᠥᠷᠲᠡᠭ ᠪᠠ ᠳᠡᠯᠡᠬᠡᠢ ᠶᠢᠨ ᠠᠴᠢ ᠬᠤᠯᠪᠣᠭᠳᠠᠯ ᠢ ᠨᠡᠩ ᠢᠯᠡᠭᠦᠦ ᠢᠯᠡᠷᠡᠭᠦᠯᠵᠡᠢ᠃    ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠡᠩᠬᠡ ᠲᠠᠶᠢᠪᠤᠩ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠤᠯᠠᠮ ᠴᠢᠨᠠᠭᠰᠢᠳᠠ ᠪᠠᠳᠠᠷᠠᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠶᠢᠨ ᠲᠠᠨᠢᠯᠲᠠ ᠪᠠᠨ ᠨᠡᠩ ᠰᠠᠶᠢᠲᠤᠷ ᠨᠢᠭᠲᠠᠷᠠᠭᠤᠯᠵᠤ᠂ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠷ ᠬᠤᠯᠪᠣᠯᠴᠠᠨ ᠭᠠᠵᠠᠷ ᠣᠷᠣᠨ ᠪᠣᠯᠤᠨ ᠳᠡᠯᠡᠬᠡᠢ ᠶᠢᠨ ᠨᠡᠩ ᠭᠡᠭᠡᠨ ᠰᠠᠷᠠᠭᠤᠯ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ ᠭᠡᠵᠦ ᠵᠢᠭᠠᠵᠤ ᠭᠠᠷᠭᠠᠪᠠ᠃ ᠨᠢᠭᠡ ᠳᠤ᠂ ᠡᠩᠬᠡ ᠲᠠᠶᠢᠪᠤᠩ ᠠᠮᠤᠷ ᠲᠣᠭᠲᠠᠭᠤᠨ ᠢ ᠡᠷᠡᠰ ᠰᠠᠬᠢᠨ ᠬᠠᠮᠠᠭᠠᠯᠠᠨ᠎ᠠ᠃ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠪᠠᠷ ᠭᠤᠣᠯ ᠪᠣᠯᠭᠠᠭᠰᠠᠨ᠂ ᠨᠡᠭᠡᠭᠡᠯᠲᠡᠲᠡᠢ ᠪᠠᠭᠲᠠᠭᠠᠮᠵᠢᠲᠠᠢ ᠣᠷᠣᠨ ᠪᠦᠰᠡ ᠶᠢᠨ ᠪᠦᠲᠦᠴᠡ ᠶᠢ ᠦᠷᠭᠦᠯᠵᠢᠯᠡᠨ ᠳᠡᠮᠵᠢᠵᠦ᠂ ᠬᠠᠮᠲᠤᠪᠠᠷ ᠵᠥᠪᠳᠡᠯᠴᠡᠬᠦ ᠬᠠᠮᠲᠤᠪᠠᠷ ᠪᠠᠶᠢᠭᠤᠯᠬᠤ ᠬᠠᠮᠲᠤᠪᠠᠷ ᠡᠳ᠋ᠯᠡᠬᠦ ᠣᠷᠣᠨ ᠪᠦᠰᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠮ ᠢᠶᠠᠷ ᠵᠠᠮᠨᠠᠬᠤ ᠬᠡᠷᠡᠭᠲᠡᠢ᠃ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠲᠣᠭᠲᠠᠭᠤᠨ᠂ ᠮᠥᠷᠭᠦᠯᠳᠦᠭᠡᠨ ᠤ ᠲᠦᠭᠰᠢᠭᠦᠷᠢ ᠶᠡᠬᠡᠲᠡᠢ ᠦᠢᠯᠡ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ᠂ ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠤᠰ ᠲᠤᠰ ᠤᠨ ᠬᠠᠷᠢᠯᠴᠠᠨ ᠨᠥᠬᠦᠪᠥᠷᠢᠯᠡᠬᠦ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠭᠠᠵᠠᠷ ᠣᠷᠣᠨ ᠤ ᠤᠯᠤᠰ ᠲᠤ ᠬᠡᠷᠡᠭᠴᠡᠭᠡ ᠲᠠᠢ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠤ ᠣᠷᠣᠭᠤᠯᠤᠯᠲᠠ ᠪᠠᠨ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠬᠥᠭᠵᠢᠯᠲᠡ ᠶᠢ ᠨᠡᠩ ᠰᠠᠶᠢᠲᠤᠷ ᠪᠡᠶᠡᠯᠡᠭᠦᠯᠦᠨ᠎ᠡ ᠭᠡᠵᠦ ᠢᠯᠡᠳᠬᠡᠪᠡ᠃ ᠭᠤᠷᠪᠠ ᠳᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠡᠷᠡᠰ ᠠᠬᠢᠭᠤᠯᠬᠤ ᠬᠡᠷᠡᠭᠲᠡᠢ᠃ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠢ ᠪᠦᠬᠦ ᠲᠠᠯ᠎ᠠ ᠪᠠᠷ ᠴᠢᠨᠠᠷ ᠰᠠᠶᠢᠲᠠᠢ ᠬᠡᠷᠡᠭᠵᠢᠭᠦᠯᠵᠦ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠥᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠤᠭᠴᠠᠵᠢᠯᠳᠠ ᠶᠢ ᠠᠬᠢᠭᠤᠯᠵᠤ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠦᠷᠦᠴᠢᠯᠡᠬᠦ᠂ ᠠᠮᠤᠷ ᠲᠦᠪᠰᠢᠨ ᠪᠠᠶᠢᠯᠭᠠᠬᠤ ᠠᠴᠠ ᠵᠠᠶᠢᠯᠠᠰᠬᠢᠨ᠎ᠡ᠃    ᠯᠢ ᠴᠢᠶᠠᠩ᠂ ᠭᠠᠵᠠᠷ ᠣᠷᠣᠨ ᠤ ᠬᠥᠭᠵᠢᠯ ᠴᠡᠴᠡᠭᠯᠡᠯ ᠨᠢ ᠡᠮᠦᠨᠡᠲᠦ ᠳᠠᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠠᠴᠠ ᠰᠠᠯᠵᠤ ᠴᠢᠳᠠᠬᠤ ‍ᠦᠭᠡᠢ ᠶᠤᠮ ᠭᠡᠵᠦ ᠢᠯᠡᠳᠬᠡᠪᠡ᠃ ᠳᠤᠮᠳᠠᠳᠤ ᠤᠯᠤᠰ ᠤᠨ ᠲᠠᠯ᠎ᠠ ︽ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠳᠠᠯᠠᠢ ᠶᠢᠨ ᠬᠠᠤᠯᠢ ᠶᠢᠨ ᠨᠡᠶᠢᠲᠡ ᠶᠢᠨ ᠬᠡᠷ᠎ᠠ︾ ᠶᠢ ᠪᠠᠭᠲᠠᠭᠠᠭᠰᠠᠨ ᠣᠯᠠᠨ ᠤᠯᠤᠰ ᠤᠨ ᠬᠠᠤᠯᠢ ᠶᠢ ᠢᠮᠠᠬᠲᠠ ᠵᠢᠷᠤᠮᠯᠠᠨ᠂ ︽ᠡᠮᠦᠨᠡᠲᠦ ᠳᠠᠯᠠᠢ ᠶᠢᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ︾ ᠢ ᠢᠮᠠᠬᠲᠠ ᠵᠢᠷᠤᠮᠯᠠᠵᠤ᠂ ᠲᠤᠰ ᠤᠯᠤᠰ ᠲᠠᠢ ᠶᠠᠷᠢᠯᠴᠠᠭ᠎ᠠ ᠵᠦᠪᠲᠠᠯᠴᠡᠭᠡ ᠪᠠᠷ ᠳᠠᠮᠵᠢᠭᠤᠯᠤᠨ ᠵᠦᠷᠢᠴᠠᠯ ᠢᠶᠠᠨ ᠨᠦᠯᠣᠭᠡᠯᠠᠨ᠂ ᠳᠠᠯᠠᠢ ᠳᠡᠭᠡᠷᠡᠬᠢ ᠪᠣᠳᠠᠲᠠᠢ ᠬᠠᠮᠲᠤᠷᠠᠯᠴᠠᠭ᠎ᠠ ᠶᠢ ᠢᠲᠠᠪᠭᠢᠲᠠᠢ ᠪᠠᠷ ᠣᠢᠷᠨᠢᠭᠦᠯᠣᠨ᠎ᠠ᠃ ᠣᠳᠣᠬᠠᠨ ᠳᠤ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠤᠯᠤᠰ ᠣᠳᠣ ᠶᠠᠭ ︽ᠡᠮᠦᠨᠡᠲᠦ ᠳᠠᠯᠠᠢ ᠶᠢᠨ ᠠᠵᠢᠯᠯᠠᠭ᠎ᠠ ᠬᠢᠬᠦ ᠪᠠᠷᠢᠮᠵᠢᠶ᠎ᠠ︾ ᠶᠢᠨ ᠵᠦᠪᠲᠠᠯᠴᠡᠭᠡ ᠪᠠ ᠢᠲᠠᠪᠭᠢᠲᠠᠢ ᠪᠠᠷ ᠳᠦᠯᠭᠢᠠ ᠠᠭᠢᠭᠤᠯᠵᠤ᠂ ᠡᠷᠲᠠᠭᠠ ᠨᠢᠭᠠᠲᠠ ᠲᠣᠭᠲᠠᠭᠰᠠᠨ ᠪᠠᠶᠢᠨ᠎ᠠ᠃ ᠬᠤᠯᠪᠣᠭᠳᠠᠯ ᠪᠦᠭᠦᠢ ᠣᠷᠣᠨ ᠤ ᠭᠠᠳᠠᠨᠠᠬᠢ ᠤᠯᠤᠰ ᠣᠳ ᠳᠤᠮᠳᠠᠳᠤ ᠤᠯᠤᠰ ᠪᠣᠯᠤᠨ ᠭᠠᠵᠠᠷ ᠣᠷᠣᠨ ᠤ ᠤᠯᠤᠰ  ᠤᠳ ᠲᠠᠢ ᠬᠠᠮᠲᠤ ᠪᠠᠷ ᠡᠮᠦᠨᠡᠲᠦ ᠳᠠᠯᠠᠢ ᠶᠢᠨ ᠨᠠᠶᠢᠷᠠᠮᠳᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠷᠮᠠᠶᠢᠯᠭ᠎ᠠ ᠶᠢ ᠬᠦᠢᠠᠲᠣᠣᠠᠭᠠ ᠳᠡᠮᠵᠢᠵᠦ᠂ ᠭᠠᠵᠠᠷ ᠣᠷᠣᠨ ᠤ ᠨᠠᠶᠢᠷᠠᠮᠳᠠᠯ ᠪᠠ ᠲᠣᠭᠲᠠᠭᠤᠨ ᠪᠠᠶᠢᠳᠠᠯ ᠢ ᠣᠢᠨᠠᠩᠦ ᠪᠦᠲᠣᠭᠡᠯᠴᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号