ᠯᠢ ᠴᠢᠶᠠᠩ ᠡᠸᠦ᠋ᠷᠤᠫᠠ ᠲᠢᠪ ᠤᠨ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠮᠢᠰᠢᠶᠧᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/11
    ᠰᠢᠨᠬᠤᠸᠠ ᠬᠤᠷᠢᠶᠠᠨ ᠤ ᠸᠠᠨ ᠰᠢᠶᠠᠩ 10 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠡᠷ 10 ᠰᠠᠷ᠎ᠠ ᠶᠢᠨ 11 ᠤ ᠡᠳᠦᠷ᠂ ᠳᠦᠷᠪ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠦᠰ ᠤᠨ ᠰᠢᠷᠢᠰ ᠬᠤᠷᠠᠯ ᠳᠤ ᠣᠷᠣᠯᠴᠠᠭᠰᠠᠨ ᠬᠤᠭᠤᠴᠠᠭᠠᠨ ᠳᠤ ᠡᠸᠦ᠋ᠷᠤᠫᠠ ᠲᠢᠪ ᠤᠨ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠮᠢᠱᠧᠯ ᠲᠠᠢ ᠠᠭᠤᠯᠵᠠᠪᠠ᠃    ᠯᠢ ᠴᠢᠶᠠᠩ᠂ ᠨᠢᠳᠤᠨᠤᠨ ᠤ 12 ᠰᠠᠷ᠎ᠠ ᠳᠤ ᠲᠡᠷᠢᠭᠦᠯᠡᠭᠴᠢ ᠰᠢ ᠶᠢᠨ ᠫᠢᠩ ᠧᠦ᠋ᠷᠣᠫᠠ ᠶᠢᠨ ᠬᠤᠯᠪᠣᠭᠠᠨ ᠤ ᠤᠳᠤᠷᠢᠳᠬᠤ ᠬᠥᠮᠦᠰ ᠲᠠᠢ ᠠᠭᠤᠯᠵᠠᠯᠲᠠ ᠠᠴᠠ ᠨᠠᠰᠢ᠂ ᠳᠤᠮᠳᠠᠳᠤ ᠧᠦ᠋ᠷᠣᠫᠠ ᠶᠢᠨ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠡᠯ᠎ᠡ ᠬᠦᠷᠢᠶᠡᠨ ᠤ ᠶᠠᠷᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠠᠬᠢᠭᠤᠯᠵᠤ᠂ ᠬᠥᠮᠦᠰ ᠤᠨ ᠶᠠᠪᠤᠯᠴᠠᠭ᠎ᠠ ᠶᠡᠭᠡ ᠪᠠᠷ ᠨᠡᠮᠡᠭᠳᠡᠪᠡ᠃ ᠬᠤᠶᠠᠷ ᠲᠠᠯ᠎ᠠ ᠪᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠧᠦ᠋ᠷᠣᠫᠠ ᠶᠢᠨ ᠪᠠᠶᠢᠯᠳᠤᠬᠤ ᠪᠣᠳᠣᠯᠭ᠎ᠠ ᠶᠢᠨ ᠣᠯᠤᠯᠴᠠᠭ᠎ᠠ ᠶᠢ ᠴᠢᠬᠤᠯᠠᠴᠢᠯᠠᠵᠤ᠂ ᠳᠤᠷᠠᠲᠠᠶ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠬᠦᠴᠦᠲᠡᠢ ᠳᠤᠬᠢᠶ᠎ᠠ ᠶᠢ ᠬᠥᠭᠵᠢᠭᠡᠵᠦ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠲᠣᠭᠲᠠᠪᠤᠷᠢᠲᠤ ᠴᠢᠨᠠᠷ ᠢᠶᠠᠷ ᠳᠡᠯᠡᠬᠡᠢ ᠳ᠋ᠠᠬᠢᠨ ᠳᠤ ᠲᠣᠭᠲᠠᠪᠤᠷᠢ ᠴᠢᠨᠠᠷ ᠢ ᠦᠷᠭᠦᠯᠵᠢᠯᠡᠨ ᠨᠡᠮᠡᠷᠢᠯᠡᠭᠰᠡᠨ ᠪᠠᠶᠢᠨ᠎ᠠ᠃ ᠢᠷᠡᠬᠦ ᠵᠢᠯ᠂ ᠳᠤᠮᠳᠠᠳᠤ ᠤᠯᠤᠰ ᠪᠣᠯᠤᠨ ᠧᠦ᠋ᠷᠣᠫᠠ ᠶᠢᠨ ᠬᠤᠯᠪᠣᠭ᠎ᠠ ᠬᠠᠷᠢᠴᠠᠭ᠎ᠠ ᠪᠠᠶᠢᠭᠤᠯᠤᠭᠰᠠᠨ 5 ᠵᠢᠯ ᠤᠨ ᠣᠢ ᠶᠢ ᠤᠭᠲᠤᠨ᠎ᠠ᠃ ᠳᠤᠮᠳᠠᠳᠤ ᠤᠯᠤᠰ ᠳᠤᠷᠠᠲᠠᠶ᠎ᠠ ᠧᠦ᠋ᠷᠣᠫᠠ ᠶᠢᠨ ᠲᠠᠯ᠎ᠠ ᠶᠢᠨ ᠬᠢᠨ ᠲᠠᠢ ᠬᠠᠮᠲᠤ ᠪᠠᠷ ᠡᠭᠦᠨ ᠢᠶᠠᠷ ᠠᠵᠠ ᠲᠣᠬᠢᠶᠠᠯ ᠪᠣᠯᠭᠠᠵᠤ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠶᠢ ᠤᠯᠠᠮ ᠴᠢᠨᠠᠭᠰᠢᠳᠠ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠠᠷᠠᠳ ᠲᠦᠮᠡᠨ ᠤ ᠠᠵᠠ ᠵᠢᠷᠭᠠᠯ ᠢ ᠳᠡᠭᠡᠭᠰᠢᠯᠡᠭᠦᠯᠬᠦ᠂ ᠪᠦᠬᠦ ᠪᠥᠮᠪᠥᠷᠴᠡᠭ ᠤᠨ ᠡᠩᠬᠡ ᠲᠠᠶᠢᠪᠤᠩ ᠬᠥᠭᠵᠢᠯᠲᠡ ᠶᠢᠨ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃    ᠯᠢ ᠴᠢᠶᠠᠩ ᠵᠢᠭᠠᠬᠤ ᠳᠤ ᠪᠠᠨ᠂ ᠳᠤᠮᠳᠠᠳᠤ ᠧᠦ᠋ᠷᠣᠫᠠ ᠨᠢ ᠪᠦᠬᠦ ᠪᠥᠮᠪᠥᠷᠴᠡᠭ ᠤᠨ ᠬᠤᠶᠠᠷ ᠶᠡᠭᠡ ᠡᠩᠬᠡ ᠲᠠᠶᠢᠪᠤᠩ᠂ ᠪᠦᠲᠦᠭᠡᠯᠴᠢ ᠴᠢᠨᠠᠷᠲᠠᠢ ᠬᠦᠴᠦᠨ ᠪᠣᠯᠤᠭᠰᠠᠨ ᠤ ᠬᠤᠪᠢ ᠳᠤ᠂ ᠰᠠᠶᠢᠨ ᠰᠠᠶᠢᠬᠠᠨ ᠬᠠᠷᠢᠴᠠᠭ᠎ᠠ ᠪᠠᠨ ᠪᠠᠲᠤᠯᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠬᠤ ᠨᠢ ᠲᠤᠰ ᠲᠤᠰ ᠤᠨ ᠬᠥᠭᠵᠢᠯᠲᠡ ᠳᠤ ᠠᠰᠢᠭᠲᠠᠢ᠂ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠠᠰᠢᠭᠲᠠᠢ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠬᠤ ᠳᠤ ᠠᠰᠢᠭᠲᠠᠢ ᠭᠡᠳᠡᠭ ᠢ ᠲᠡᠦᠬᠡ ᠪᠠ ᠦᠢᠯᠡᠳᠦᠯᠭᠡ ᠨᠢᠭᠡᠨᠲᠡ ᠳᠠᠬᠢᠨ ᠳᠠᠪᠲᠠᠨ ᠭᠡᠷᠡᠴᠢᠯᠡᠵᠡᠢ ᠭᠡᠪᠡ᠃ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠰᠦᠨ ᠬᠥᠭᠵᠢᠵᠦ᠂ ᠣᠯᠠᠨ ᠤᠯᠤᠰ ᠤᠨ ᠭᠠᠵᠠᠷ ᠣᠷᠣᠨ ᠤ ᠬᠠᠯᠠᠮᠰᠢᠯ ᠠᠰᠠᠭᠤᠳᠠᠯ ᠲᠠᠰᠤᠷᠠᠯᠲᠠ ᠦᠭᠡᠢ ᠡᠭᠦᠰᠴᠦ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ᠂ ᠲᠣᠭᠲᠠᠭᠤᠨ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠪᠣᠯ ᠳᠤᠮᠳᠠᠳᠤ ᠧᠦ᠋ᠷᠣᠫᠠ ᠬᠤᠶᠠᠷ ᠲᠠᠯ᠎ᠠ ᠶᠢᠨ ᠬᠠᠷᠢᠭᠤᠴᠠᠯᠭ᠎ᠠ ᠪᠣᠯᠬᠤ ᠪᠥᠭᠡᠳ ᠪᠠᠰᠠ ᠴᠤ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠪᠣᠯᠤᠨ᠎ᠠ᠃ ᠳᠤᠮᠳᠠᠳᠤ ᠤᠯᠤᠰ᠂ ᠧᠦ᠋ᠷᠣᠫᠠ ᠶᠢ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠴᠢᠬᠤᠯᠠ ᠴᠢᠭᠯᠡᠯ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠠᠮᠲᠤ ᠶᠢᠨ ᠠᠵᠢᠯᠯᠠᠭᠠᠨ ᠤ ᠬᠠᠨᠢᠲᠠᠨ ᠭᠡᠵᠦ ᠦᠵᠡᠨ᠎ᠡ᠃ ᠡᠭᠦᠨ ᠤ ᠬᠠᠮᠲᠤ᠂ ᠳᠤᠮᠳᠠᠳᠤ ᠤᠯᠤᠰ ᠴᠤ ᠧᠦ᠋ᠷᠣᠫᠠ ᠲᠢᠪ ᠤᠨ ᠡᠨᠧᠷᠭᠢ ᠶᠢᠨ ᠰᠤᠷᠪᠤᠯᠵᠢ ᠪᠠ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠬᠦ᠂ ᠡᠩᠬᠡ ᠲᠠᠶᠢᠪᠤᠩ ᠪᠠ ᠬᠥᠭᠵᠢᠯᠲᠡ ᠶᠢ ᠬᠠᠮᠲᠤ ᠪᠠᠷ ᠠᠬᠢᠭᠤᠯᠬᠤ ᠴᠢᠬᠤᠯᠠ ᠬᠠᠮᠲᠤᠷᠠᠯᠴᠠᠭᠠᠨ ᠤ ᠬᠠᠨᠢᠲᠠᠨ ᠪᠣᠯᠤᠨ᠎ᠠ᠃ ᠧᠦ᠋ᠷᠣᠫᠠ ᠶᠢᠨ ᠬᠤᠯᠪᠣᠭᠠᠨ ᠤ ᠪᠠᠶᠢᠭᠤᠯᠤᠮᠵᠢ ᠳᠤᠮᠳᠠᠳᠤ ᠤᠯᠤᠰ ᠤᠨ ᠬᠥᠭᠵᠢᠯᠲᠡ ᠳᠤ ᠵᠥ᠋ᠪ ᠢᠶᠠᠷ ᠬᠠᠨᠳᠤᠵᠤ ᠳᠤᠮᠳᠠᠳᠤ ᠤᠯᠤᠰ ᠲᠠᠬᠢ ᠪᠤᠰᠤᠳᠴᠢ ᠲᠥᠷᠥ ᠶᠢᠨ ᠪᠣᠳᠣᠯᠭ᠎ᠠ ᠲᠣᠭᠲᠠᠭᠠᠬᠤ ᠶᠢ ᠬᠦᠰᠡᠨ᠎ᠡ᠃    ᠮᠢᠰᠢᠶᠧᠷ᠂ ᠧᠦ᠋ᠷᠣᠫᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠣᠶᠢᠷ᠎ᠠ ᠶᠢᠨ ᠵᠢᠯ ᠳᠤ ᠣᠯᠤᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠢᠳᠡᠪᠬᠢᠲᠡᠢ ᠦᠨᠡᠯᠡᠵᠦ᠂ ᠳᠤᠮᠳᠠᠳᠤ ᠤᠯᠤᠰ ᠯᠤᠭ᠎ᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠤᠯᠤᠰ ᠯᠤᠭ᠎ᠠ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ ᠤ ᠶᠠᠪᠤᠯᠴᠠᠭ᠎ᠠ ᠶᠠᠷᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠲᠠᠯ᠎ᠠ ᠶᠢᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠧᠦ᠋ᠷᠣᠫᠠ ᠶᠢᠨ ᠲᠠᠯ᠎ᠠ᠂ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ᠂ ᠧᠦ᠋ᠷᠣᠫᠠ ᠳᠤᠮᠳᠠᠳᠤ ᠶᠢᠨ ᠠᠵᠤ ᠠᠬᠤᠢ ᠠᠷᠠᠯᠵᠢᠶᠠᠨ ᠤ ᠬᠠᠷᠢᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ᠃ ᠧᠦ᠋ᠷᠣᠫᠠ ᠶᠢᠨ ᠬᠤᠯᠪᠣᠭ᠎ᠠ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠪᠡᠶ᠎ᠡ ᠪᠠᠨ ᠳᠠᠭᠠᠭᠠᠵᠤ ᠪᠠᠶᠢᠬᠤ ᠶᠢ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ ᠣᠯᠠᠨ ᠲᠠᠯᠠᠲᠤ ᠬᠡᠷᠡᠭ ᠶᠠᠪᠤᠳᠠᠯ ᠳᠠᠬᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠭᠠᠵᠤ᠂ ᠠᠭᠤᠷ ᠠᠮᠢᠰᠭᠤᠯ ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠬᠠᠮᠲᠤᠪᠠᠷ ᠠᠷᠭᠠᠴᠠᠨ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号