10 ᠰᠠᠷ᠎ᠠ ᠶᠢᠨ 11 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ 2024 ᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠪᠦᠦ | ᠬᠥᠭᠵᠢᠯᠲᠤ ᠬᠤᠷᠠᠯ ᠢ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ | ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ | ᠰᠢ ᠶᠢᠨ ᠫᠢᠩ ᠤᠨ ᠬᠠᠶᠢᠨᠠᠨ ᠤ ᠭᠤᠸᠠᠩᠳᠦ᠋ᠩ ᠵᠡᠷᠭᠡ ᠭᠠᠵᠠᠷ ᠤᠨ ᠲᠠᠶᠢᠹᠤᠩ ᠰᠠᠯᠬᠢᠨ ᠤ ᠭᠠᠮᠰᠢᠭ ᠤᠨ ᠲᠤᠬᠠᠢ | ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ 2024 ᠣᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠠᠵᠢᠯ ᠤᠨ ᠲᠥᠰᠦᠯ︾᠂ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠢᠭᠡᠳᠦᠯᠲᠡᠢ ᠬᠠᠮᠢᠶᠠᠷᠤᠯᠲᠠ ᠶᠢᠨ ᠲᠥᠰᠦᠯ᠂ ᠳᠤᠯᠠᠭᠠᠯᠠᠭ᠎ᠠ ᠶᠢᠨ | ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠵᠡᠷᠭᠡ ᠬᠤᠯᠪᠣᠭᠳᠠᠯ ᠪᠦᠬᠦᠢ | ᠵᠦᠢᠯᠡᠰ ᠢ ᠬᠢᠨᠠᠨ ᠵᠥᠪᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠠᠶᠤᠯ ᠲᠦᠭᠰᠢᠭᠦᠷᠢ ᠶᠢ | ᠰᠡᠷᠭᠡᠶᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ | ᠨᠡᠮᠡᠭᠳᠡᠭᠦᠯᠵᠦ᠂ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠡᠭᠡᠵᠢᠩ | ᠬᠤᠲᠠ ᠵᠡᠷᠭᠡ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠲᠠᠢ ᠵᠣᠯᠭᠠᠭᠤᠯᠵᠤ᠂ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ᠂ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠦᠬᠦ ᠬᠤᠰᠢᠭᠤᠨ ᠤ ᠡᠮᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ᠂ ᠪᠡᠯᠡ ᠮᠥᠩᠭᠦ ᠶᠢ ᠲᠣᠬᠢᠷᠠᠭᠤᠯᠤᠨ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠪᠡᠯᠡ ᠮᠥᠩᠭᠦ ᠶᠢ | ᠵᠢᠷᠤᠮᠵᠢᠭᠤᠯᠤᠨ ᠬᠡᠷᠡᠭᠯᠡᠬᠦ ᠶᠢ ᠪᠣᠳᠠᠲᠠᠢ ᠠᠳᠬᠤᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ | ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠪᠦᠬᠦ ᠲᠠᠯ᠎ᠠ ᠶᠢᠨ ᠳᠡᠮᠵᠢᠯᠭᠡ ᠬᠠᠩᠭᠠᠵᠤ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | |