ᠬᠤᠸᠠᠩ ᡁᠢ ᠴᠢᠶᠠᠩ ᠶᠠᠷᠢᠶ᠎ᠠ ᠲᠠᠯᠪᠢᠵᠠᠢ | 10 ᠰᠠᠷ᠎ᠠ ᠶᠢᠨ 9 ᠤ ᠡᠳᠦᠷ᠂ ᠪᠦᠭᠦ ᠣᠷᠣᠨ ᠤ ᠨᠡᠭᠦᠷᠡᠰᠦᠨ ᠠᠭᠤᠷᠬᠠᠢ ᠶᠢ ᠣᠶᠤᠨᠴᠢᠯᠠᠬᠤ | ᠪᠠᠶᠢᠭᠤᠯᠤᠯᠲᠠ ᠶᠢᠨ ᠠᠵᠢᠯ ᠤᠨ ᠠᠬᠤᠢ ᠲᠠᠯᠠᠪᠠᠢ ᠶᠢᠨ ᠠᠬᠢᠭᠤᠯᠬᠤ ᠬᠤᠷᠠᠯ ᠣᠷᠳᠣᠰ ᠬᠤᠲᠠ ᠳᠤ ᠬᠤᠷᠠᠯᠳᠤᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠸᠠᠩ ᡁᠢ ᠴᠢᠶᠠᠩ᠂ ᠨᠡᠭᠦᠷᠡᠰᠦᠨ ᠠᠭᠤᠷᠬᠠᠢ ᠶᠢ ᠣᠶᠤᠨᠴᠢᠯᠠᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠬᠦ | ᠪᠣᠯ ᠨᠡᠭᠦᠷᠡᠰᠦᠨ ᠠᠭᠤᠷᠬᠠᠢ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠭᠦᠷᠡᠰᠦᠨ | ᠠᠭᠤᠷᠬᠠᠢ ᠶᠢᠨ ᠮᠥᠨ ᠴᠢᠨᠠᠷ ᠤᠨ ᠠᠮᠤᠷ ᠲᠦᠪᠰᠢᠨ ᠢ ᠪᠡᠶᠡᠯᠡᠭᠦᠯᠬᠦ ᠶᠢᠨ ᠨᠢᠭᠡᠨ ᠴᠢᠬᠤᠯᠠ ᠰᠠᠭᠤᠷᠢ ᠴᠢᠨᠠᠷᠲᠠᠢ | ᠠᠵᠢᠯ ᠪᠣᠯᠣᠨ᠎ᠠ᠂ ᠪᠠᠰᠠ ᠴᠤ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠶᠢᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠬᠤᠯᠪᠣᠭᠳᠠᠯ ᠪᠦᠬᠦᠢ ᠭᠠᠵᠠᠷ | ᠣᠷᠣᠨ ᠤ ᠬᠢᠨ ᠦᠵᠡᠯᠳᠡ ᠰᠡᠳᠬᠢᠴᠡ ᠪᠠᠨ ᠴᠢᠯᠦᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠣᠶᠤᠨᠴᠢᠯᠠᠬᠰᠠᠨ ᠮᠡᠷᠭᠡᠵᠢᠯ ᠢ ᠭᠦᠢᠴᠡᠳ ᠬᠡᠷᠡᠭᠯᠡᠨ ᠦᠢᠯᠡᠳᠪᠦᠷᠢᠯᠡᠯ ᠤᠨ ᠠᠷᠭ᠎ᠠ ᠭᠡᠯᠪᠡᠷᠢ ᠪᠠᠨ ᠰᠢᠨᠡᠳᠬᠡᠨ᠂ | ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠷᠢ ᠬᠡᠮᠵᠢᠶ᠎ᠠ ᠪᠣᠯᠣᠨ ᠦᠢᠯᠡᠳᠪᠦᠷᠢᠯᠡᠯ ᠤᠨ ᠦᠷ᠎ᠡ ᠠᠰᠢᠭ ᠢ | ᠲᠦᠷᠭᠡᠳᠬᠡᠨ ᠳᠡᠭᠡᠭᠰᠢᠯᠡᠭᠦᠯᠭᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠭᠡᠭᠡᠯᠳᠡᠲᠡᠢ | ᠪᠠᠭᠲᠠᠭᠠᠮᠵᠢᠲᠠᠢ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠣᠶᠤᠨᠴᠢᠯᠠᠬᠤ ᠵᠠᠭᠪᠤᠷ ᠤᠨ ᠰᠢᠨ᠎ᠡ ᠶᠢ ᠡᠭᠦᠳᠬᠦ᠂ | ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠵᠤ᠂ ᠪᠦᠭᠦ ᠣᠷᠣᠨ ᠤ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢᠨ | ᠪᠦᠬᠦᠨ ᠢ ᠪᠦᠷᠬᠦᠭᠦᠯᠬᠦ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠂ | ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠴᠢᠳᠠᠪᠤᠷᠢᠲᠠᠨ ᠢ ᠬᠦᠨᠳᠦᠳᠭᠡᠨ᠂ ᠣᠶᠤᠨᠴᠢᠯᠠᠭᠰᠠᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠣᠷᠣᠨ ᠲᠠᠶᠠᠭᠠᠷ ᠢᠶᠠᠨ ᠬᠦᠴᠦᠯᠡᠨ | ᠴᠢᠷᠮᠠᠶᠢᠵᠤ᠂ ᠨᠡᠩ ᠣᠯᠠᠨ ᠬᠡᠪ ᠳᠠᠭᠤᠷᠢᠶᠠᠯ ᠪᠤᠯᠬᠤ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢ ᠴᠣᠭᠴᠠᠯᠠᠨ | ᠪᠠᠶᠢᠭᠤᠯᠵᠤ᠂ ᠪᠦᠭᠦ ᠤᠯᠤᠰ ᠲᠤ ᠳᠡᠯᠭᠡᠷᠡᠭᠦᠯᠵᠦ ᠪᠤᠯᠬᠤᠶᠢᠴᠠ ᠨᠡᠩ ᠣᠯᠠᠨ ᠨᠡᠶᠢᠲᠡᠯᠢᠭ ᠲᠤᠷᠰᠢᠯᠭ᠎ᠠ ᠶᠢ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ |