ᠰᠢ ᠶᠢᠨ ᠫᠢᠩ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠬᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦ᠋ᠮᠡᠨ ᠤ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠰᠠᠨ ᠭᠠᠳᠠᠭᠠᠳᠤ ᠶᠢᠨ ᠵᠣᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2024/10/12
   10 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠬᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠰᠠᠨ ᠭᠠᠳᠠᠭᠠᠳᠤ ᠶᠢᠨ ᠵᠣᠴᠢᠳ ᠲᠠᠢ ᠠᠭᠤᠯᠵᠠᠪᠠ᠃   ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠲᠤ ᠢᠷᠡᠵᠦ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠬᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦ᠋ᠮᠡᠨ ᠤ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠰᠠᠨ ᠬᠡᠰᠡᠭ ᠭᠠᠳᠠᠭᠠᠳᠤ ᠶᠢᠨ ᠵᠣᠴᠢᠳ ᠤᠨ ᠲᠥᠯᠥᠭᠡᠯᠡᠭᠴᠢ ᠲᠠᠢ ᠬᠠᠮᠲᠤ ᠬᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠤᠯᠠᠨ ᠤᠯᠤᠰ ᠤᠨ ᠨᠥᠬᠦᠷᠰᠡᠭ ᠬᠥᠮᠦᠰ ᠤᠨ ᠳᠤᠮᠳᠠᠳᠤ ᠤᠯᠤᠰ ᠤᠨ ᠨᠥᠬᠦᠷᠰᠡᠭ ᠦᠢᠯᠡᠰ ᠲᠤ ᠤᠷᠳᠤ ᠬᠤᠭᠤᠴᠠᠭ᠎ᠠ ᠪᠠᠷ ᠵᠢᠳᠬᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠭᠡᠪᠡ᠃   ᠰᠢ ᠶᠢᠨ ᠫᠢᠩ᠂ ᠠᠷᠠᠳ ᠲᠦᠮᠡᠨ ᠨᠥᠬᠦᠷᠰᠡᠭ ᠪᠠᠶᠢᠬᠤ ᠪᠣᠯ ᠤᠯᠠᠨ ᠤᠯᠤᠰ ᠤᠨ ᠬᠠᠷᠢᠯᠴᠠᠭᠠᠨ ᠤ ᠯᠠᠪᠳᠠᠭᠤᠨ ᠢᠶᠠᠷ ᠬᠤᠯᠠ ᠠᠶᠠᠯᠠᠬᠤ ᠶᠢᠨ ᠰᠠᠭᠤᠷᠢ ᠮᠥᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠠᠭᠤᠰᠤᠰᠢ ᠦᠭᠡᠢ ᠬᠥᠳᠡᠯᠭᠡᠬᠦ ᠬᠦᠴᠦᠨ ᠮᠥᠨ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠶ ᠳ᠋ᠠᠬᠢᠨ ᠳᠤ ᠪᠤᠶᠠᠨ ᠦᠢᠯᠡᠳᠬᠦ ᠣᠳᠣᠬᠢᠴᠢᠯᠠᠯᠲᠠ ᠶᠢᠨ ᠵᠠᠮ ᠢᠶᠠᠷ ᠵᠠᠮᠨᠠᠪᠠ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠣᠯᠤᠭᠰᠠᠨ ᠡᠯ᠎ᠡ ᠲᠠᠯ᠎ᠠ ᠶᠢᠨ ᠠᠮᠵᠢᠯᠲᠠ ᠪᠦᠲᠦᠮᠵᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠨᠢᠭᠡ ᠪᠦᠯᠦᠭ ᠤᠯᠠᠨ ᠤᠯᠤᠰ ᠤᠨ ᠨᠥᠬᠦᠷᠰᠡᠭ ᠬᠥᠮᠦᠰ ᠳᠤᠮᠳᠠᠳᠤ ᠤᠯᠤᠰ ᠤᠨ ᠠᠷᠠᠳ ᠲᠦᠮᠡᠨ ᠲᠠᠢ ᠰᠠᠯᠬᠢ ᠪᠤᠷᠤᠭᠠᠨ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠮᠠᠰᠢ ᠤᠯᠠᠨ ᠭᠠᠳᠠᠭᠠᠳᠤ ᠶᠢᠨ ᠠᠵᠤ ᠠᠬᠤᠶᠢᠯᠠᠯ᠂ ᠪᠠᠶᠢᠭᠤᠯᠤᠮᠵᠢ᠂ ᠬᠤᠪᠢ ᠬᠥᠮᠦᠨ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠲᠠᠯ᠎ᠠ ᠶᠢᠨ ᠬᠢᠨ ᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠤᠮᠳᠠᠳᠤ ᠭᠠᠳᠠᠭᠠᠳᠤ ᠶᠢᠨ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠠ ᠤᠯᠠᠨ ᠤ ᠳᠤᠮᠳᠠᠳᠤ ᠤᠯᠤᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠴᠢᠩ ᠦᠨᠡᠨᠴᠢ ᠨᠥᠬᠦᠷᠯᠡᠯ ᠢ ᠪᠢᠳᠡ ᠢᠮᠠᠭᠲᠠ ᠪᠠᠲᠤ ᠴᠡᠭᠡᠵᠢᠯᠡᠨ᠎ᠡ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠣᠳᠣᠬᠠᠨ ᠤ ᠳᠡᠯᠡᠬᠡᠢ ᠵᠢᠷᠲᠢᠨᠴᠦ ᠲᠡᠦᠬᠡ ᠶᠢᠨ ᠲᠣᠨᠣᠯᠵᠢᠨ ᠵᠠᠮ ᠲᠡᠭᠡᠷ᠎ᠡ ᠲᠠᠬᠢᠨᠲᠠ ᠵᠣᠭᠰᠣᠪᠠ᠃ ᠵᠠᠭᠤᠨ ᠵᠢᠯ ᠤᠨ ᠬᠤᠪᠢᠰᠤᠯᠲᠠ ᠳᠣᠣᠷ᠎ᠠ᠂ ᠪᠦᠬᠦ ᠪᠥᠮᠪᠥᠷᠴᠡᠭ ᠢᠶᠠᠷ ᠢᠶᠠᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠥᠮᠦᠨ ᠲᠥᠷᠥᠯᠬᠢᠲᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠭᠡᠳᠦᠢ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠨᠥᠬᠦᠷᠰᠡᠭ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠭᠠᠳᠠᠭᠠᠳᠤ ᠬᠠᠷᠢᠯᠴᠠᠭᠠᠨ ᠤ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠭᠠᠷ ᠬᠤᠯᠪᠣᠯᠴᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃   ᠨᠢᠭᠡ ᠳᠤ᠂ ︽ᠪᠦᠬᠦ ᠲᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ︾ ᠵᠣᠷᠢᠭ ᠰᠠᠨᠠᠭ᠎ᠠ ᠪᠠᠷ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠢᠢ ᠠᠬᠢᠭᠤᠯᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠶ᠎ᠠ᠃ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠪᠦᠬᠦᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠮᠠᠨ ᠤ ᠬᠠᠮᠲᠤ ᠪᠠᠷ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠢᠶᠠᠨ ᠡᠩᠬᠡ ᠲᠠᠶᠢᠪᠤᠩ᠂ ᠡᠶ᠎ᠡ ᠵᠣᠬᠢᠴᠠᠯ ᠲᠠᠢ ᠳᠤᠮᠤ ᠭᠡᠷ ᠪᠦᠯᠢ ᠪᠣᠯᠭᠠᠨ ᠪᠦᠳᠦᠭᠡᠨ ᠪᠠᠶᠢᠭᠤᠯᠤᠶ᠎ᠠ᠃   ᠬᠤᠶᠠᠷ ᠲᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠣᠶᠢᠯᠠᠭᠠᠭᠳᠠᠬᠤᠨ ᠢᠶᠠᠷ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠶ᠎ᠠ᠃ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠬᠡᠢ ᠣᠳᠣᠬᠢᠴᠢᠯᠠᠯᠲᠠ ᠶᠢ ᠬᠥᠭᠡᠭᠡᠴᠡᠯᠳᠦᠬᠦ ᠦᠭᠡᠢ᠂ ᠨᠡᠩ ᠤᠯᠠᠨ ᠭᠠᠳᠠᠭᠠᠳᠤ ᠶᠢᠨ ᠨᠠᠶᠢᠵᠠ ᠨᠠᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠬᠢᠶᠠᠯ ᠬᠠᠩᠭᠠᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃   ᠭᠤᠷᠪᠠ ᠳᠤ᠂ ᠨᠡᠭᠡᠭᠡᠯᠲᠡᠲᠡᠢ ᠪᠠᠭᠲᠠᠭᠠᠮᠵᠢᠲᠠᠢ ᠭᠡᠬᠦᠳᠡᠭ ᠴᠡᠭᠡᠵᠢ ᠪᠠᠷ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠣᠯᠪᠠᠰᠤᠨ ᠤ ᠬᠠᠭᠤᠳᠠᠰᠤ ᠶᠢ ᠵᠢᠷᠤᠭᠯᠠᠶ᠎ᠠ᠃ ᠳᠤᠮᠳᠠᠳᠤ ᠶᠢᠨ ᠦᠨᠳᠦᠰᠦᠲᠡᠨ ᠪᠣᠯ ᠨᠡᠭᠡᠭᠡᠯᠲᠡᠲᠡᠢ ᠪᠠᠭᠲᠠᠭᠠᠮᠵᠢᠲᠠᠢ ᠦᠨᠳᠦᠰᠦᠲᠡᠨ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ ᠴᠠᠶᠢᠯᠭᠠᠨ ᠨᠥᠬᠦᠷᠰᠡᠭ ᠠᠷᠠᠳ ᠲᠦᠮᠡᠨ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠴᠢᠩ ᠦᠨᠡᠨᠴᠢ ‍ᠤᠮᠤᠯᠴᠠᠭ᠎ᠠ ᠪᠠᠷ ᠲᠠᠮᠵᠢᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠢ ᠵᠠᠪᠰᠠᠷ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠤᠯᠢ ᠪᠤᠯᠭᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠨ᠎ᠠ ᠭᠡᠵᠦ ᠴᠢᠬᠤᠯᠠᠴᠢᠯᠠᠪᠠ᠃   ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯ ᠠᠷᠠᠳ ᠲᠦᠮᠡᠨ ᠤ ᠵᠠᠰᠠᠭ ᠤᠨ ᠣᠷᠳᠣᠨ ᠮᠥᠨ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠭᠠᠳᠠᠭᠠᠳᠤ ᠬᠠᠷᠢᠯᠴᠠᠭ᠎ᠠ ᠮᠥᠨ᠃ ᠳᠤᠮᠳᠠᠳᠤ ᠤᠯᠤᠰ ᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠬᠥᠭᠵᠢᠭᠦᠯᠬᠦ᠂ ᠤᠯᠠᠨ ᠤᠯᠤᠰ ᠤᠨ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ ᠨᠥᠬᠦᠷᠯᠡᠯ ᠢᠶᠠᠷ ᠬᠥᠭᠦᠷᠭᠡ ᠪᠣᠯᠭᠠᠨ᠂ ᠰᠡᠳᠭᠢᠯ ᠢᠶᠠᠷ ᠢᠶᠠᠨ ᠨᠥᠬᠦᠷᠯᠡᠵᠦ᠂ ᠳᠤᠮᠳᠠᠳᠤ ᠭᠠᠳᠠᠭᠠᠳᠤ ᠶᠢᠨ ᠠᠷᠠᠳ ᠤᠨ ᠬᠤᠭᠤᠷᠣᠨᠳᠣᠬᠢ ᠨᠥᠬᠦᠷᠯᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠂ ᠡᠯ᠎ᠡ ᠤᠯᠤᠰ ᠤᠨ ᠨᠠᠶᠢᠵᠠ ᠨᠠᠷ ᠲᠠᠢ ᠪᠦᠯᠬᠦᠮᠳᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠦᠢᠯᠡᠳᠦᠯᠭᠡᠵᠢᠭᠦᠯᠦᠭᠴᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠯᠴᠠᠭᠴᠢ᠂ ᠪᠣᠯᠪᠠᠰᠤᠨ ᠢᠶᠠᠨ ᠬᠠᠷᠢᠯᠴᠠᠨ ᠲᠤᠯᠢ ᠪᠤᠯᠭᠠᠬᠤ ᠪᠠ ᠠᠷᠠᠳ ᠤᠨ ᠰᠡᠳᠭᠢᠯ ᠨᠡᠪᠲᠡᠷᠡᠯᠴᠡᠬᠦ ᠶᠢᠨ ᠠᠬᠢᠭᠤᠯᠤᠭᠴᠢ ᠪᠠ ᠠᠷᠠᠳ ᠲᠦᠮᠡᠨ ᠤ ᠨᠥᠬᠦᠷᠯᠡᠯ ᠤᠨ ᠦᠢᠯᠡᠰ ᠤᠨ ᠵᠠᠯᠭᠠᠮᠵᠢᠯᠠᠭᠴᠢ ᠪᠣᠯᠤᠨ᠎ᠠ ᠭᠡᠵᠦ ᠴᠢᠬᠤᠯᠠᠴᠢᠯᠠᠪᠠ᠃   ᠨᠧᠭᠧᠷᠢᠶ᠎ᠠ ᠶᠢᠨ ᠤᠤᠯ ᠤᠨ ᠶᠡᠷᠦᠩᠬᠡᠶᠢᠯᠡᠭᠴᠢ ᠤᠪᠠ ᠰᠠᠩᠴᠢᠶᠤᠤ᠂ ᠲᠠᠢ ᠤᠯᠤᠰ ᠤᠨ ᠤᠯᠤᠰ ᠤᠨ ᠬᠤᠷᠠᠯ ᠤᠨ ᠤᠤᠯ ᠤᠨ ᠲᠡᠷᠢᠭᠦᠯᠡᠭᠴᠢ ᠫᠦᠤᠤᠴᠢᠨ᠂ ᠠᠮᠧᠷᠢᠺᠠ ᠶᠢᠨ ︽ᠬᠥ᠋ ᠯᠢᠩ ᠤᠨ ᠨᠠᠶᠢᠵᠠ︾ ᠶᠢᠨ ᠬᠤᠷᠠᠯᠳᠤᠭᠤᠯᠤᠭᠴᠢ ᠮᠦ ᠶᠠᠨ ᠯᠢᠩ ᠲᠤᠰ ᠲᠤᠰ ᠭᠠᠳᠠᠭᠠᠳᠤ ᠶᠢᠨ ᠲᠠᠯ᠎ᠠ ᠶᠢ ᠲᠥᠯᠥᠭᠡᠯᠡᠨ ᠦᠭᠡ ᠬᠡᠯᠡᠪᠡ᠃ ᠲᠡᠳᠡ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠯᠤᠭ᠎ᠠ ᠶᠢᠨ ᠨᠦᠬᠦᠷᠯᠡᠯ ᠤᠨ ᠨᠡᠶᠢᠭᠡᠮᠯᠢᠭ ᠤᠨ ᠠᠷᠠᠳ ᠲᠦᠮᠡᠨ ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ ᠶᠢ ᠠᠬᠢᠭᠤᠯᠬᠤ᠂ ᠡᠯ᠎ᠡ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠪᠣᠯᠤᠨ ᠨᠥᠬᠦᠷᠯᠡᠯ ᠢ ᠵᠤᠵᠠᠭᠠᠳᠬᠠᠬᠤ ᠲᠠᠯ᠎ᠠ ᠪᠠᠷ ᠦᠵᠡᠭᠦᠯᠦᠭᠰᠡᠨ ᠥᠪᠡᠷᠮᠢᠴᠡ ᠦᠢᠯᠡᠳᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠮᠵᠢᠯᠲᠠ ᠲᠠᠢ ᠪᠠᠷ ᠶᠠᠳᠠᠭᠤ ᠠᠴᠠ ᠠᠩᠭᠢᠵᠢᠷᠠᠵᠤ᠂ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠨᠢᠭᠡᠨᠲᠡ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠦᠰᠡᠯ ᠡᠷᠡᠮᠡᠯᠵᠡᠯ ᠤᠨ ᠴᠠᠮᠬᠠᠭ ᠪᠣᠯᠵᠠᠢ᠃ ᠲᠡᠷᠢᠭᠦᠯᠡᠭᠴᠢ ᠰᠢ ᠶᠢᠨ ᠫᠢᠩ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠰᠠᠨᠠᠭᠠᠴᠢᠯᠠᠭ᠎ᠠ ᠶᠢ ᠳᠤᠷᠠᠳᠴᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠲᠤᠬᠠᠢ ᠬᠤᠯᠠ ᠶᠢᠨ ᠬᠠᠷᠠᠴᠠ ᠬᠤᠷᠴᠠ ᠪᠤᠳᠤᠯᠭ᠎ᠠ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠳᠡᠯᠡᠬᠡᠢ ᠶᠢᠨ ᠡᠯ᠎ᠡ ᠤᠯᠤᠰ ᠤᠨ ᠨᠢᠭᠲᠠ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠳᠤ ᠴᠢᠭᠯᠡᠯ ᠢ ᠲᠣᠳᠣᠷᠬᠠᠢ ᠵᠢᠭᠠᠵᠤ᠂ ᠳᠤᠮᠳᠠᠳᠤ ᠤᠯᠤᠰ ᠤᠨ ᠬᠥᠭᠵᠢᠯ ᠴᠡᠴᠡᠭᠯᠡᠯ ᠯᠠᠪᠲᠠᠢ ᠳᠡᠯᠡᠬᠡᠢ ᠳ᠋ᠠᠬᠢᠨ ᠳᠤ ᠦᠷᠭᠦᠯᠵᠢᠯᠡᠨ ᠪᠤᠶᠠᠨ ᠦᠢᠯᠡᠳᠬᠦ ᠪᠣᠯᠤᠨ᠎ᠠ᠃ ᠳᠤᠮᠳᠠᠳᠤ ᠤᠯᠤᠰ ᠯᠤᠭ᠎ᠠ ᠡᠯ᠎ᠡ ᠬᠦᠷᠢᠶ᠎ᠡ ᠴᠠᠷᠠᠭ᠎ᠠ ᠳᠠᠬᠢ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠭᠠᠷ ᠬᠤᠯᠪᠣᠯᠴᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠳᠡᠯᠡᠬᠡᠢ ᠶᠢᠨ ᠡᠩᠬᠡ ᠲᠠᠶᠢᠪᠤᠩ᠂ ᠬᠥᠭᠵᠢᠯᠲᠡ᠂ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃   ᠭᠠᠳᠠᠭᠠᠳᠤ ᠶᠢᠨ ᠤᠤᠯ ᠤᠨ ᠤᠯᠤᠰ ᠲᠦᠷᠦ ᠶᠢᠨ ᠴᠢᠬᠤᠯᠠ ᠬᠥᠮᠦᠰ᠂ ᠸᠠᠩ ᠤᠨ ᠣᠷᠳᠣᠨ ᠤ ᠪᠦᠷᠢᠯᠳᠦᠬᠦᠨ᠂ ᠤᠯᠠᠨ ᠤᠯᠤᠰ ᠤᠨ ᠨᠥᠬᠦᠷᠰᠡᠭ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠨᠥᠬᠦᠷᠰᠡᠭ ᠬᠥᠮᠦᠰ ᠵᠡᠷᠭᠡ 200 ᠰᠢᠬᠠᠮ ᠬᠥᠮᠦᠨ ᠣᠷᠣᠯᠴᠠᠪᠠ᠃   ᠼᠠᠢ ᠴᠢ᠂ ᠬᠠᠨ ᠵᠧᠩ᠂ ᠸᠠᠩ ᠢ ᠨᠡᠷ ᠠᠭᠤᠯᠵᠠᠯᠲᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号