10 ᠰᠠᠷ᠎ᠠ ᠶᠢᠨ 9 ᠤ ᠡᠳᠦᠷ᠂ ᠪᠠᠶᠠᠨᠬᠤᠰᠢᠭᠤ ᠶᠢᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠲᠠᠪᠤᠳᠤᠭᠠᠷ | ᠣᠨ ᠤ ᠰᠤᠷᠤᠭᠴᠢᠳ ᠬᠦᠰᠡᠯ ᠡᠷᠡᠮᠡᠯᠵᠡᠯ ᠪᠠ ᠬᠠᠯᠠᠭᠤᠨ ᠰᠡᠳᠬᠢᠯᠭᠡ ᠶᠢ ᠡᠪᠦᠷᠯᠡᠨ᠂ ︽ᠪᠠᠶᠢᠭᠠᠯᠢ ᠪᠠᠨ | ᠬᠦᠷᠢᠶᠡᠯᠡᠵᠦ᠂ ᠰᠢᠨᠵᠢᠯᠡᠬᠦ ᠤᠬᠠᠭᠠᠨ ᠢ ᠤᠬᠠᠵᠤ᠂ ᠮᠢᠩᠭᠠᠨ ᠲᠦᠮᠡᠨ ᠠᠮᠢᠳᠤ ᠰᠦᠨᠡᠰᠦ ᠶᠢ ᠬᠠᠶᠢᠷᠠᠯᠠᠨ ᠬᠠᠮᠠᠭᠠᠯᠠᠵᠤ | ᠂ ᠬᠤᠷᠴᠢᠨ ᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠤᠳᠤᠯᠤᠨ ᠰᠤᠷᠤᠯᠴᠠᠬᠤ | ᠵᠤᠭᠠᠴᠠᠯ︾ ᠪᠠ ︽ᠪᠠᠲᠤᠴᠠᠭᠠᠨ ᠢ ᠰᠣᠩᠭᠤᠵᠤ᠂ ᠡᠷᠳᠡᠮ ᠰᠢᠨᠵᠢᠯᠡᠭᠡᠨ ᠤ ᠡᠬᠡ ᠨᠤᠲᠤᠭ ᠢᠶᠠᠨ ᠰᠤᠳᠤᠯᠬᠤ︾ | ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠶᠢ ᠡᠬᠢᠯᠡᠭᠦᠯᠪᠡ᠃ | ᠲᠤᠰ ᠤᠳᠠᠭᠠᠨ ᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠶᠢ ᠤᠷᠤᠭᠰᠢᠲᠠᠢ | ᠶᠠᠪᠤᠭᠳᠠᠭᠤᠯᠬᠤ ᠶᠢᠨ ᠲᠥᠯᠥᠭᠡ᠂ ᠰᠤᠷᠤᠭᠴᠢᠳ ᠰᠤᠳᠤᠯᠭᠠᠨ ᠤ ᠲᠠᠯ᠎ᠠ ᠪᠠᠷ ᠡᠳᠦᠢ ᠲᠡᠳᠦᠢ ᠠᠮᠵᠢᠯᠲᠠ ᠣᠯᠵᠤ᠂ | ᠳᠡᠳ᠋ ᠵᠠᠬᠢᠷᠤᠯ ᠠᠵᠢᠯᠯᠠᠭ᠎ᠠ ᠶᠢᠨ ᠬᠠᠷᠠᠯᠲᠠ᠂ ᠠᠵᠢᠯᠯᠠᠭ᠎ᠠ ᠶᠢᠨ ᠶᠠᠪᠤᠴᠠ᠂ ᠠᠵᠢᠯᠲᠠᠨ ᠤ ᠠᠵᠢᠯ ᠤᠨ ᠬᠤᠪᠢᠶᠠᠷᠢᠯᠠᠯ᠂ | ᠲᠡᠷᠭᠡ ᠬᠥᠰᠬᠡ ᠶᠢᠨ ᠬᠤᠪᠢᠶᠠᠷᠢᠯᠠᠯᠲᠠ᠂ ᠠᠶᠠᠯᠠᠯ ᠤᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠠᠰᠠᠭᠤᠳᠠᠯ ᠳᠤ | ᠪᠦᠬᠦ ᠲᠠᠯ᠎ᠠ ᠪᠠᠷ ᠨᠠᠷᠢᠨ ᠨᠢᠮᠪᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠬᠥᠳᠡᠯᠭᠡᠭᠡᠨ ᠤ ᠲᠤᠬᠠᠢ ᠶᠢᠨ ᠡᠳᠦᠷ᠂ ᠰᠤᠷᠤᠭᠴᠢᠳ ᠰᠡᠳᠬᠢᠯ ᠳᠣᠭᠳᠣᠯᠤᠨ ᠮᠣᠷᠳᠠᠬᠤ ᠶᠢ ᠬᠦᠯᠢᠶᠡᠵᠦ ᠪᠠᠶᠢᠯ᠎ᠠ | ᠃ ᠲᠡᠳᠡ ᠳᠤᠮᠳᠠᠳᠤ ᠤᠯᠤᠰ ᠤᠨ ᠺᠢᠨᠣ᠋ ᠦᠢᠯᠡᠳᠬᠦ ᠰᠠᠭᠤᠷᠢᠨ ᠭᠠᠵᠠᠷ᠂ ᠪᠠᠲᠤᠴᠠᠭᠠᠨ ᠤ ᠬᠠᠮᠠᠭᠠᠯᠠᠯᠲᠠ ᠶᠢᠨ ᠣᠷᠣᠨ | ᠪᠣᠯᠤᠨ ᠬᠤᠷᠴᠢᠨ ᠤ ᠤᠯᠤᠰ ᠤᠨ ᠳᠡᠰ ᠤᠨ ᠪᠠᠶᠢᠭᠠᠯ ᠤᠨ ᠬᠠᠮᠠᠭᠠᠯᠠᠯᠲᠠ ᠶᠢᠨ ᠣᠷᠣᠨ ᠳᠤ ᠬᠦᠷᠴᠦ᠂ | ᠪᠠᠭᠰᠢ ᠶᠢᠨ ᠢᠶᠠᠨ ᠳᠠᠭᠠᠭᠤᠯᠭ᠎ᠠ ᠳᠣᠣᠷ᠎ᠠ᠂ ᠰᠤᠷᠤᠭᠴᠢᠳ ᠡᠮᠬᠢ ᠳᠠᠷᠠᠭ᠎ᠠ ᠲᠠᠢ ᠮᠥᠷᠯᠡᠨ᠂ ᠪᠠᠶᠠᠷ ᠪᠠᠶᠠᠰᠬᠤᠯᠠᠩᠲᠠᠢ | ᠠᠯᠬᠤᠭᠰᠠᠭᠠᠷ ᠡᠨᠡ ᠤᠳᠠᠭᠠᠨ ᠤ ᠨᠠᠮᠤᠷ ᠤᠨ ᠡᠳᠦᠷ ᠤᠨ ᠰᠤᠳᠤᠯᠤᠨ ᠰᠤᠷᠤᠯᠴᠠᠬᠤ ᠠᠶᠠᠨ ᠳᠤ ᠮᠤᠷᠳᠠᠪᠠ᠃ | |