ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ | ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠦ᠂ ᠣᠯᠠᠨ ᠲᠦᠮᠡᠨ ᠤ ᠤᠰᠤ ᠬᠡᠷᠡᠭᠯᠡᠬᠦ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤ ᠬᠠᠩᠭᠠᠬᠤ ᠦᠢᠯᠡᠴᠢᠯᠡᠭᠡᠨ ᠤ ᠲᠥᠪ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠬᠦᠰᠡᠯ | ᠡᠷᠡᠮᠡᠯᠵᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠲᠣᠭᠲᠠᠴᠠ ᠶᠢ | ᠲᠡᠭᠦᠯᠳᠡᠷᠵᠢᠭᠦᠯᠵᠦ᠂ ᠡᠪᠡᠷᠰᠢᠶᠡᠯ ᠲᠠᠢ ᠭᠠᠵᠠᠷ᠂ ᠲᠦᠭᠵᠢᠷᠡᠯ ᠲᠠᠢ ᠭᠠᠵᠠᠷ᠂ ᠬᠦᠴᠢᠷ ᠠᠰᠠᠭᠤᠳᠠᠯ ᠢ ᠰᠢᠢᠳᠪᠦᠷᠢᠯᠡᠵᠦ | ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠣᠳᠠᠲᠠᠢ | ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠦᠢᠯᠡᠴᠢᠯᠡᠭᠡ ᠶᠢ ᠨᠡᠩ ᠳᠣᠲᠣᠨᠣ ᠪᠣᠯᠭᠠᠵᠤ᠂ ᠠᠷᠠᠳ ᠣᠯᠠᠨ ᠤ ᠤᠰᠤ ᠶᠢ | ᠨᠡᠩ ᠰᠠᠨᠠᠭ᠎ᠠ ᠠᠮᠤᠷ ᠪᠣᠯᠭᠠᠨ᠎ᠠ᠃ | ᠣᠶᠢᠷ᠎ᠠ ᠳᠤ᠂ ᠬᠤᠰᠢᠭᠤᠨ ᠤ ᠤᠰᠤ ᠬᠠᠩᠭᠠᠬᠤ ᠦᠢᠯᠡᠴᠢᠯᠡᠭᠡᠨ ᠤ ᠲᠥᠪ ᠤᠨ ᠠᠵᠢᠯᠲᠠᠳ ᠬᠤᠰᠢᠭᠤᠨ ᠤ ᠨᠠᠮ | ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠰᠠᠶᠢᠬᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠭᠡᠷ ᠲᠤ ᠬᠦᠷᠴᠦ᠂ ᠲᠤᠬᠠᠢ ᠶᠢᠨ ᠲᠠᠯᠠᠪᠠᠢ ᠳᠤ ᠰᠦᠢᠳᠬᠡᠯ ᠬᠤᠪᠢᠷᠠᠭᠤᠯᠬᠤ ᠲᠤᠬᠠᠶᠢᠯᠠᠭᠰᠠᠨ ᠠᠵᠢᠯ ᠢ | ᠭᠦᠢᠴᠡᠳᠬᠡᠵᠦ᠂ ᠬᠡᠷᠡᠭᠯᠡᠭᠴᠢᠳ ᠢ ᠭᠡᠷ ᠲᠤᠨᠢ ᠳᠠᠷᠤᠢ ᠰᠦᠢᠳᠬᠡᠯ ᠰᠢᠯᠵᠢᠭᠦᠯᠬᠦ ᠲᠤᠬᠠᠶᠢᠯᠠᠭᠰᠠᠨ ᠠᠵᠢᠯ ᠢ | ᠭᠦᠢᠴᠡᠳᠬᠡᠵᠦ ᠥᠭᠬᠦ ᠶᠢᠨ ᠬᠠᠮᠲᠤ ᠬᠡᠷᠡᠭᠯᠡᠭᠴᠢᠳ ᠲᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠰᠦᠢᠳᠬᠡᠯ | ᠲᠤᠰᠢᠶᠠᠬᠤ ᠶᠠᠪᠤᠴᠠ ᠶᠢ ᠲᠠᠶᠢᠯᠪᠤᠷᠢᠯᠠᠨ ᠥᠭᠴᠦ᠂ ᠤᠰᠤ ᠬᠠᠩᠭᠠᠬᠤ ᠦᠢᠯᠡᠴᠢᠯᠡᠭᠡ ᠳᠤ ︽ᠵᠠᠢ ᠦᠭᠡᠢ︾ | ᠪᠠᠶᠢᠬᠤ ᠶᠢ ᠪᠡᠶᠡᠯᠡᠭᠦᠯᠪᠡ᠃ ︽ᠰᠦᠢᠳᠬᠡᠯ ᠰᠣᠯᠢᠬᠤ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠨᠢ ᠮᠠᠰᠢ ᠰᠠᠶᠢᠨ᠂ | ᠮᠠᠨ ᠤ ᠠᠷᠠᠳ ᠣᠯᠠᠨ ᠤ ᠭᠦᠢᠴᠡᠳᠬᠡᠬᠦ ᠳᠤ ᠳᠥᠭᠦᠮ ᠦᠵᠡᠭᠦᠯᠦᠨ᠎ᠡ᠂ ᠠᠵᠢᠯᠲᠠᠳ ᠴᠠᠭ ᠲᠤᠬᠠᠢ ᠳᠤᠨᠢ ᠭᠡᠷ ᠲᠤᠨᠢ | ᠬᠦᠷᠴᠦ ᠪᠢᠳᠡᠨ ᠳᠤ ᠦᠢᠯᠡᠴᠢᠯᠡᠨ᠎ᠡ᠂ ᠶᠠᠭᠤ ᠪᠠᠶᠢᠪᠠᠯ ᠪᠢᠳᠡ ᠮᠡᠳᠡᠬᠦ ᠦᠭᠡᠢ ᠵᠦᠢᠯ ᠪᠠᠶᠢᠪᠠᠯ ᠲᠡᠳᠡ ᠴᠠᠭ | ᠲᠤᠬᠠᠢ ᠳᠤᠨᠢ ᠪᠢᠳᠡᠨ ᠳᠤ ᠵᠢᠯᠣᠭᠤᠳᠤᠭᠤᠯᠵᠤ᠂ ᠮᠠᠰᠢ ᠳᠥᠭᠦᠮ ᠦᠵᠡᠭᠦᠯᠦᠨ᠎ᠡ︾ ᠭᠡᠵᠦ ᠬᠡᠯᠡᠪᠡ᠃ ᠬᠤᠰᠢᠭᠤᠨ ᠤ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠰᠠᠶᠢᠬᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ | ᠲᠠᠩ ᠸᠠᠨ ᠯᠢ ᠬᠡᠯᠡᠪᠡ᠃ | ᠰᠦᠢᠳᠬᠡᠯ ᠰᠣᠯᠢᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠤᠰᠤ ᠬᠠᠩᠭᠠᠬᠤ | ᠦᠢᠯᠡᠴᠢᠯᠡᠭᠡᠨ ᠤ ᠲᠥᠪ ᠨᠢ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠤᠰᠤᠨ ᠬᠦᠰᠦᠨᠦᠭᠲᠦ ᠶᠢᠨ ᠮᠡᠳᠡᠭᠡ ᠵᠠᠩᠭᠢ ᠶᠢ ᠬᠠᠷᠭᠤᠭᠤᠯᠵᠤ᠂ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠂ ᠡᠬᠡ ᠳᠠᠩᠰᠠ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ | ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠣᠬᠤᠷ ᠮᠡᠳᠡᠭᠡ᠂ ᠤᠲᠠᠰᠤ ᠪᠠᠷ ᠮᠡᠳᠡᠭᠳᠡᠬᠦ ᠵᠡᠷᠭᠡ ᠣᠯᠠᠨ ᠵᠦᠢᠯ ᠤᠨ | ᠬᠡᠯᠪᠡᠷᠢ ᠪᠠᠷ ᠵᠠᠷᠤᠳᠠᠯ ᠰᠢᠯᠵᠢᠭᠦᠯᠬᠦ ᠠᠵᠢᠯ ᠤᠨ ᠮᠡᠳᠡᠬᠦ ᠨᠣᠷᠮ᠎ᠠ ᠶᠢ ᠥᠷᠭᠡᠳᠬᠡᠵᠦ᠂ ᠵᠠᠷᠤᠳᠠᠯ ᠰᠢᠯᠵᠢᠭᠦᠯᠬᠦ ᠶᠢ | ᠬᠥᠮᠦᠨ ᠪᠦᠬᠦᠨ ᠳᠤ ᠮᠡᠳᠡᠭᠦᠯᠬᠦ ᠶᠢ ᠦᠨᠡᠨᠬᠦ ᠪᠠᠲᠤᠯᠠᠵᠤ᠂ ᠰᠢᠯᠵᠢᠭᠦᠯᠬᠦ ᠶᠣᠰᠣᠲᠠᠢ ᠶᠢ ᠨᠢ ᠪᠦᠬᠦᠨ ᠢ ᠨᠢᠭᠡ ᠶᠢ ᠴᠦ | ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠡᠭᠦᠨ ᠤ ᠬᠠᠮᠲᠤ ᠲᠤᠰᠬᠠᠢ ᠬᠥᠮᠦᠨ ᠲᠣᠬᠢᠷᠠᠭᠤᠯᠤᠨ | ᠬᠡᠷᠡᠭᠯᠡᠭᠴᠢ ᠶᠢᠨ ᠰᠤᠷᠪᠤᠯᠵᠢᠯᠠᠬᠤ ᠪᠠᠷ ᠢᠷᠡᠭᠰᠡᠨ ᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠵᠦ᠂ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠬᠤ ᠶᠢᠨ ᠬᠠᠮᠲᠤ ᠰᠡᠵᠢᠭ ᠢ ᠨᠢ ᠨᠠᠷᠢᠨ | ᠬᠢᠨᠠᠮᠠᠭᠠᠢ ᠬᠠᠷᠢᠭᠤᠯᠵᠤ᠂ ᠣᠯᠠᠨ ᠲᠦᠮᠡᠨ ᠨᠢᠭᠡᠪᠦᠷᠢ ᠶᠢᠨ ᠢᠷᠡᠭᠦᠯᠦᠭᠰᠡᠨ ᠤᠲᠠᠰᠤ ᠶᠢ ᠨᠠᠷᠢᠨ ᠬᠢᠨᠠᠮᠠᠭᠠᠢ ᠰᠠᠶᠢᠲᠤᠷ | ᠡᠷᠬᠢᠯᠡᠬᠦ ᠬᠡᠷᠡᠭᠲᠡᠢ᠃ | ᠣᠶᠢᠯᠠᠭᠠᠭᠰᠠᠨ ᠢᠶᠠᠷ᠂ ᠬᠤᠰᠢᠭᠤᠨ ᠤ ᠤᠰᠤ ᠬᠠᠩᠭᠠᠬᠤ ᠦᠢᠯᠡᠴᠢᠯᠡᠭᠡᠨ ᠤ ᠲᠥᠪ ᠤᠨ ᠡᠵᠡᠩᠨᠡᠯᠲᠡ ᠶᠢᠨ | ᠲᠢᠩᠬᠢᠮ ᠤᠨ ᠠᠵᠢᠯᠲᠠᠨ ᠠᠴᠠ ᠬᠡᠷᠡᠭᠯᠡᠭᠴᠢ ᠶᠢᠨ ᠤᠤᠯ ᠤᠨ IC ᠺᠠᠷᠲ ᠤᠨ ᠤᠰᠤᠨ ᠤ ᠬᠡᠮᠵᠢᠭᠦᠷ ᠤᠨ ᠳᠣᠲᠣᠷᠠᠬᠢ | ᠦᠯᠡᠳᠡᠭᠰᠡᠨ ᠤᠰᠤᠨ ᠤ ᠰᠦᠢᠳᠬᠡᠯ ᠤᠨ ᠦᠯᠡᠳᠡᠪᠦᠷᠢ ᠲᠤᠭ᠎ᠠ ᠶᠣᠰᠣᠭᠠᠷ ᠰᠢᠨ᠎ᠡ ᠬᠤᠯᠠ ᠳᠠᠮᠵᠢᠭᠤᠯᠬᠤ ᠤᠰᠤᠨ ᠤ | ᠬᠦᠰᠦᠨᠦᠭᠲᠦ ᠳᠤ ᠰᠢᠯᠵᠢᠵᠦ᠂ ᠨᠢᠭᠡᠨᠲᠡ 5280 ᠬᠡᠷᠡᠭᠯᠡᠭᠴᠢ ᠳᠤ ᠰᠦᠢᠳᠬᠡᠯ ᠰᠣᠯᠢᠬᠤ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠠᠶᠢᠨ᠎ᠠ᠃ ᠡᠭᠦᠨ ᠤ ᠬᠠᠮᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠲᠠ | ᠪᠠᠯᠭᠠᠰᠤᠨ ᠤ ᠣᠷᠣᠯᠭ᠎ᠠ ᠪᠠᠭᠠᠲᠠᠢ ᠬᠠᠮᠲᠤᠯᠢᠭ᠂ ᠭᠡᠷ ᠪᠦᠯᠢ ᠶᠢᠨ ᠬᠦᠴᠢᠷᠳᠡᠯᠲᠡᠢ ᠡᠷᠦᠬᠡ ᠳᠤ ᠤᠰᠤ ᠬᠠᠩᠭᠠᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠳᠣ ᠲᠥᠷᠥ ᠶᠢᠨ ᠪᠣᠳᠣᠯᠭ᠎ᠠ ᠳᠤ ᠨᠡᠶᠢᠴᠡᠭᠰᠡᠨ | 311 ᠡᠷᠦᠬᠡ ᠰᠠᠭᠤᠭᠠᠯᠢ ᠠᠷᠠᠳ ᠲᠤ ᠤᠰᠤᠨ ᠤ ᠰᠦᠢᠳᠬᠡᠯ ᠢ ᠬᠠᠰᠤᠵᠤ ᠬᠡᠯᠲᠦᠷᠢᠭᠦᠯᠦᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠤᠰᠤ ᠬᠠᠩᠭᠠᠬᠤ ᠦᠢᠯᠡᠴᠢᠯᠡᠭᠡᠨ ᠤ ᠲᠥᠪ ᠠᠴᠠ ᠦᠷᠭᠦᠯᠵᠢᠯᠡᠨ ᠤᠰᠤ | ᠬᠠᠩᠭᠠᠬᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠬᠡᠷᠡᠭᠯᠡᠭᠴᠢ ᠶᠢᠨ ᠤᠰᠤ ᠬᠡᠷᠡᠭᠯᠡᠬᠦ ᠠᠰᠠᠭᠤᠳᠠᠯ ᠢ ᠦᠨᠡᠨ | ᠬᠦ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ | ᠥᠬᠡᠶ ᠨᠡᠮᠡᠭᠳᠡᠭᠦᠯᠵᠦ᠂ ᠤᠰᠤ ᠬᠠᠩᠭᠠᠬᠤ ᠦᠢᠯᠡᠴᠢᠯᠡᠭᠡ ᠶᠢ ᠨᠡᠩ ᠳᠥᠭᠦᠮ ᠳᠥᠲᠡ᠂ ᠨᠡᠩ ᠥᠨᠳᠥᠷ ᠪᠦᠲᠦᠮᠵᠢᠲᠡᠢ | ᠪᠣᠯᠭᠠᠨ᠎ᠠ ᠭᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠰᠤ ᠬᠠᠩᠭᠠᠬᠤ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠰᠢᠶᠧ ᠯᠢ ᠴᠧᠩ ᠬᠡᠯᠡᠪᠡ᠃ | |