ᠬᠤᠪᠢᠰᠬᠠᠯᠲᠤ ᠤᠯᠠᠮᠵᠢᠯᠠᠯ ᠤᠨ ᠬᠥᠮᠦᠵᠢᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠤᠯᠠᠮ | ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠬᠤᠪᠢᠰᠬᠠᠯ ᠤᠨ ᠲᠠᠶᠢᠯᠪᠤᠷᠢᠯᠠᠭᠴᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ | ᠪᠠᠶᠢᠭᠠᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠶᠤᠨ ᠰᠠᠨᠠᠭᠠᠨ ᠤ ᠴᠠᠳᠢᠭ ᠠᠴᠠ ᠬᠦᠴᠦᠨ ᠴᠢᠳᠠᠯ | ᠰᠢᠩᠭᠡᠭᠡᠨ ᠠᠪᠴᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠠᠮᠢᠨ ᠰᠤᠳᠠᠰᠤ ᠳᠤ ᠠᠭᠤᠰᠬᠠᠵᠤ᠂ | ᠰᠠᠶᠢᠨ ᠰᠠᠶᠢᠬᠠᠨ ᠶᠣᠰᠣ ᠰᠤᠷᠲᠠᠬᠤᠨ ᠤ ᠵᠢᠷᠤᠮᠵᠢᠯ᠂ ᠦᠵᠡᠯ ᠰᠠᠨᠠᠭ᠎ᠠ ᠵᠠᠩ ᠰᠤᠷᠲᠠᠯ᠂ ᠬᠠᠷᠠᠮ ᠦᠭᠡᠢ ᠵᠣᠷᠢᠭᠤᠯᠬᠤ | ᠤᠬᠠᠮᠰᠠᠷ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠵᠦ᠂ ᠨᠡᠶᠢᠭᠡᠮ ᠵᠢᠷᠤᠮ ᠤᠨ ᠦᠢᠯᠡᠰ ᠤᠨ | ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠭᠠᠬᠤ ᠪᠠᠷ ᠴᠢᠷᠮᠠᠶᠢᠨ᠎ᠠ᠃ 10 ᠰᠠᠷ᠎ᠠ ᠶᠢᠨ 12 ᠤᠨ ᠡᠳᠦᠷ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠡᠪᠯᠡᠯ ᠤᠨ ᠬᠤᠷᠢᠶ᠎ᠠ ᠠᠴᠠ ᠬᠠᠮᠲᠤᠷᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠮᠦᠽᠧᠢ ᠠᠴᠠ ᠳᠠᠭᠠᠭᠠᠨ ᠡᠷᠬᠢᠯᠡᠭᠰᠡᠨ ︽ᠬᠤᠪᠢᠰᠬᠠᠯᠲᠤ ᠰᠣᠶᠣᠯ ᠢ ᠪᠠᠳᠠᠷᠠᠭᠤᠯᠵᠤ᠂ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ︾ 2024 ᠣᠨ ᠤ ᠬᠤᠶᠠᠳᠤᠭᠠᠷ ᠬᠤᠭᠤᠴᠠᠭᠠᠨ ᠤ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠪᠢᠰᠬᠠᠯᠲᠤ | ᠲᠠᠶᠢᠯᠪᠤᠷᠢᠯᠠᠭᠴᠢ ᠶᠢᠨ ᠤᠷᠤᠯᠳᠤᠭᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ 29 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠬᠤᠪᠢᠰᠬᠠᠯ ᠤᠨ ᠦᠯᠢᠭᠡᠷ᠂ | ᠨᠠᠮ ᠤᠨ ᠲᠡᠦᠬᠡ ᠶᠢᠨ ᠦᠯᠢᠭᠡᠷ ᠵᠢᠴᠢ ᠰᠢᠨ᠎ᠡ ᠳᠤᠮᠳᠠᠳᠤ ᠤᠯᠤᠰ ᠤᠨ ᠲᠡᠮᠡᠴᠡᠯ ᠤᠨ ᠦᠯᠢᠭᠡᠷ ᠢᠶᠠᠷ ᠭᠤᠣᠯ ᠰᠡᠳᠦᠪ | ᠪᠣᠯᠭᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠰᠣᠩᠭᠤᠳᠠᠭ ᠦᠯᠢᠭᠡᠷ ᠢ ᠲᠠᠶᠢᠯᠪᠤᠷᠢᠯᠠᠵᠤ᠂ | ᠲᠤᠬᠠᠢ ᠶᠢᠨ ᠲᠠᠯᠠᠪᠠᠢ ᠶᠢᠨ ᠰᠢᠯᠭᠠᠷᠠᠭᠤᠯᠬᠤ ᠺᠣᠮᠢᠰ ᠤᠨ ᠭᠡᠰᠢᠭᠦᠨ ᠵᠢᠴᠢ ᠦᠵᠡᠭᠴᠢᠳ ᠤᠨ ᠰᠡᠳᠬᠢᠯ ᠬᠥᠳᠡᠯᠭᠡᠮ᠎ᠡ | ᠦᠯᠢᠭᠡᠷ ᠢ ᠬᠥᠳᠡᠯᠭᠡᠵᠦ᠂ ᠨᠢᠭᠡ ᠬᠥᠰᠢᠭᠡ ᠪᠠᠷ ᠲᠡᠮᠡᠴᠡᠭᠳᠡᠭᠰᠡᠨ ᠦᠵᠡᠭᠳᠡᠯ ᠳᠤ ᠵᠣᠷᠢᠭᠵᠢᠭᠤᠯᠤᠯ ᠳᠤ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠷᠡᠯᠬᠡᠭ ᠪᠠᠭᠠᠲᠤᠷᠯᠢᠭ ᠪᠠ ᠡᠷᠡᠰ ᠪᠠᠲᠤ ᠢᠲᠡᠭᠡᠯ ᠵᠣᠷᠢᠭ ᠢ | ᠭᠦᠨᠵᠡᠭᠡᠢ ᠣᠶᠢᠯᠠᠭᠠᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠪᠠᠭ᠎ᠠ ᠰᠤᠷᠭᠠᠭᠤᠯᠢ ᠶᠢᠨ | ᠱᠠᠲᠤᠨ ᠤ 1 — 3 ᠣᠨ᠂ 4 — 6 ᠣᠨ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠨᠢᠭᠡᠳᠦᠭᠡᠷ ᠳᠡᠰ ᠤᠨ ᠱᠠᠩᠨᠠᠯ ᠭᠤᠷᠪᠠᠨ ᠨᠡᠷᠡᠰ᠂ ᠬᠤᠶᠠᠳᠤᠭᠠᠷ ᠳᠡᠰ ᠤᠨ ᠱᠠᠩᠨᠠᠯ ᠵᠢᠷᠭᠤᠭᠠᠨ ᠨᠡᠷᠡᠰ᠂ | ᠭᠤᠷᠪᠠᠳᠤᠭᠠᠷ ᠳᠡᠰ ᠤᠨ ᠱᠠᠩᠨᠠᠯ ᠶᠢᠰᠦᠨ ᠨᠡᠷᠡᠰ᠂ ᠰᠢᠯᠢᠳᠡᠭ ᠱᠠᠩᠨᠠᠯ ᠡᠳᠦᠢ ᠲᠡᠳᠦᠢ ᠨᠡᠷᠡᠰ ᠢ ᠰᠢᠯᠭᠠᠷᠠᠭᠤᠯᠬᠤ ᠶᠢᠨ | ᠬᠠᠮᠲᠤ ᠰᠢᠯᠢᠳᠡᠭ ᠵᠢᠯᠣᠭᠤᠳᠬᠤ ᠪᠠᠭᠰᠢ ᠶᠢᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠣᠯᠭᠤᠪᠠ | ᠃ |