10 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠰᠤᠷᠭᠠᠭᠤᠯᠢ ᠶᠢᠨ | ᠵᠠᠬᠢᠷᠤᠯ ᠼᠠᠢ ᠪᠦᠦ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠦᠷᠴᠦ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ | ᠪᠣᠯᠪᠠᠰᠤᠷᠠᠯ ᠤᠨ ᠠᠩᠭᠢ ᠶᠢᠨ ᠰᠤᠷᠤᠭᠴᠢᠳ ᠲᠤ ᠬᠢᠴᠢᠶᠡᠯ ᠣᠷᠣᠵᠤ᠂ ᠵᠠᠯᠠᠭᠤ ᠺᠠᠳ᠋ᠷᠴᠤᠳ ᠬᠦᠰᠡᠯᠡᠩ ᠢᠲᠡᠭᠡᠯ | ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠨ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠯᠠᠭᠤ ᠺᠠᠳ᠋ᠷᠴᠤᠳ ᠤᠨ ᠰᠢᠨ᠎ᠡ | ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠼᠠᠢ ᠪᠦᠦ ᠵᠢᠶᠦ᠋ᠨ ᠵᠢᠭᠠᠵᠤ ᠭᠠᠷᠭᠠᠭᠰᠠᠨ ᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠠᠶᠢᠨ | ᠰᠠᠶᠢᠬᠠᠨ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠳᠠᠯᠳᠠ ᠬᠦᠴᠦᠨ ᠲᠠᠢ ᠪᠠᠶᠢᠵᠤ᠂ ᠪᠦᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠮᠦᠨ ᠬᠡᠷᠡᠭᠰᠡᠵᠦ᠂ ᠨᠡᠩ ᠴᠤ | ᠴᠢᠳᠠᠪᠤᠷᠢᠲᠠᠨ ᠬᠡᠷᠡᠭᠰᠡᠬᠦ ᠬᠡᠷᠡᠭᠲᠡᠢ᠂ ᠵᠠᠯᠠᠭᠤ ᠺᠠᠳ᠋ᠷᠴᠤᠳ ᠶᠠᠭ ᠠᠵᠢᠯ ᠬᠢᠵᠦ ᠦᠢᠯᠡᠰ ᠴᠣᠭᠴᠠᠯᠠᠬᠤ ᠰᠢᠵᠢᠷ ᠠᠯᠲᠠᠨ | ᠴᠠᠭ ᠦᠶ᠎ᠡ ᠳᠤ ᠣᠷᠣᠰᠢᠵᠤ ᠪᠠᠶᠢᠨ᠎ᠠ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠬᠦᠴᠦᠯᠡᠨ ᠴᠢᠷᠮᠠᠶᠢᠵᠤ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠤᠲᠤᠭ | ᠤᠰᠤᠨ ᠳᠠᠭᠠᠨ ᠦᠨᠳᠦᠰᠦᠯᠡᠵᠦ᠂ ᠨᠤᠲᠤᠭ ᠤᠰᠤᠨ ᠳᠠᠭᠠᠨ ᠬᠦᠴᠦ ᠪᠠᠨ ᠡᠷᠭᠦᠵᠦ᠂ ᠨᠤᠲᠤᠭ ᠤᠰᠤ ᠪᠠᠨ | ᠪᠦᠲᠦᠭᠡᠨ ᠪᠠᠶᠢᠭᠤᠯᠬᠤ ᠭᠤᠣᠯ ᠬᠦᠴᠦᠨ ᠴᠡᠷᠢᠭ ᠪᠣᠯᠬᠤ ᠬᠡᠷᠡᠭᠲᠡᠢ᠃ | ᠼᠠᠢ ᠪᠦᠦ ᠵᠢᠶᠦ᠋ᠨ ᠵᠠᠯᠠᠭᠤ ᠺᠠᠲᠷ ᠲᠤ ᠭᠤᠷᠪᠠᠨ ᠬᠦᠰᠡᠯ ᠳᠤᠷᠠᠳᠴᠠᠢ᠃ ᠨᠢᠭᠡ ᠳᠤ᠂ ᠤᠯᠤᠰ ᠲᠥᠷᠥ ᠶᠢᠨ | ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ | ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠣᠨᠣᠯ ᠢ ᠰᠤᠷᠤᠯᠴᠠᠵᠤ᠂ ᠲᠤᠬᠠᠶᠢᠯᠠᠭᠰᠠᠨ ᠠᠵᠢᠯ ᠢᠶᠠᠨ | ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠶᠠᠭᠤ ᠬᠢᠪᠡᠯ ᠶᠠᠭᠤ ᠶᠢ ᠰᠤᠷᠤᠯᠴᠠᠬᠤ᠂ ᠶᠠᠭᠤ ᠳᠤᠲᠠᠪᠠᠯ | ᠶᠠᠭᠤ ᠶᠢ ᠨᠥᠬᠦᠪᠥᠷᠢᠯᠡᠬᠦ ᠶᠢ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠲᠤᠬᠠᠶᠢᠯᠠᠭᠰᠠᠨ | ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠶᠣᠰᠣ ᠰᠤᠷᠲᠠᠬᠤᠨ ᠢ ᠪᠣᠢ ᠪᠣᠯᠭᠠᠵᠤ ᠥᠪᠡᠷ ᠢ ᠪᠠᠨ | ᠵᠠᠰᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ | ᠥᠷᠲᠡᠭ ᠤᠨ ᠦᠵᠡᠯᠲᠡ ᠶᠢ ᠪᠣᠢ ᠪᠣᠯᠭᠠᠵᠤ᠂ ᠬᠡᠯᠡᠪᠡᠯ ᠬᠢᠬᠦ᠂ ᠠᠵᠢᠯᠯᠠᠪᠠᠯ ᠰᠠᠶᠢᠲᠤᠷ ᠬᠢᠬᠦ ᠡᠷᠴᠢ ᠵᠣᠷᠢᠭ ᠢᠶᠠᠨ | ᠳᠠᠪᠲᠠᠨ ᠪᠣᠯᠪᠠᠰᠤᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ ᠠᠵᠢᠯ ᠤᠨ ᠪᠠᠶᠢᠷᠢ ᠳᠠᠭᠠᠨ ᠰᠠᠭᠤᠷᠢᠯᠠᠨ | ᠦᠢᠯᠡᠳᠦᠯ ᠢᠶᠠᠨ ᠪᠠᠳᠠᠷᠠᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ | ᠪᠣᠳᠣᠯ ᠢᠶᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠪᠡᠶ᠎ᠡ ᠪᠠᠨ ᠴᠢᠩᠭ᠎ᠠ ᠱᠠᠭᠠᠷᠳᠠᠨ ᠶᠣᠰᠣ ᠳᠦᠷᠢᠮ ᠢ ᠵᠢᠷᠤᠮᠯᠠᠵᠤ᠂ ᠳᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ ᠰᠠᠬᠢᠯᠭ᠎ᠠ | ᠪᠠᠲᠤ ᠶᠢ ᠰᠠᠬᠢᠬᠤ ᠰᠠᠬᠢᠯᠭ᠎ᠠ ᠪᠠᠲᠤ ᠶᠢ ᠰᠠᠬᠢᠬᠤ ᠳᠤᠮᠳᠠ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠢ ᠬᠥᠰᠡᠷᠳᠡᠭᠦᠯᠬᠦ ᠦᠭᠡᠢ ᠪᠠᠷ ᠪᠦᠬᠦ | ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠵᠢᠶᠠᠩ ᠪᠧᠢ ᠫᠢᠩ ᠬᠤᠷᠠᠯ ᠡᠷᠬᠢᠯᠡᠵᠦ᠂ ᠠᠷᠪᠠᠨ ᠭᠤᠷᠪᠠᠳᠤᠭᠠᠷ ᠬᠤᠭᠤᠴᠠᠭᠠᠨ ᠤ ᠵᠠᠯᠠᠭᠤ ᠺᠠᠳ᠋ᠷ ᠤᠨ ᠠᠩᠭᠢ ᠶᠢᠨ | ᠪᠦᠬᠦ ᠰᠤᠷᠦᠬᠴᠢ᠂ ᠣᠶᠢᠷ᠎ᠠ ᠶᠢᠨ ᠬᠤᠶᠠᠷ ᠵᠢᠯ ᠳᠤ ᠴᠢᠳᠠᠪᠤᠷᠢᠲᠠᠨ ᠢᠶᠠᠷ ᠳᠠᠮᠵᠢᠨ ᠨᠤᠲᠤᠭ ᠳᠠᠭᠠᠨ ᠪᠤᠴᠠᠵᠤ ᠺᠠᠳ᠋ᠷ | ᠪᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠦᠬᠦ ᠪᠠᠭᠰᠢ ᠨᠡᠶᠢᠲᠡ 140 ᠭᠠᠷᠤᠢ | ᠬᠥᠮᠦᠨ ᠬᠤᠷᠠᠯ ᠳᠤ ᠣᠷᠣᠯᠴᠠᠵᠠᠢ᠃ | |