ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠱᠠᠯᠠᠪᠳᠠᠭᠤᠯᠤᠨ ᠪᠠᠶᠢᠴᠠᠭᠠᠬᠤ ᠪᠠ ᠬᠢᠨᠠᠨ ᠡᠵᠡᠮᠳᠡᠵᠦ ᠰᠢᠯᠭᠠᠨ ᠦᠨᠡᠯᠡᠬᠦ ᠳ᠋ᠦᠩᠨᠡᠯᠲᠡ ᠶᠢᠨ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/10/14
   10 ᠰᠠᠷ᠎ᠠ ᠶᠢᠨ 12 ᠤᠨ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠰᠢᠮᠳᠠᠭᠤᠯᠤᠨ ᠪᠠᠶᠢᠴᠠᠭᠠᠬᠤ ᠪᠠ ᠬᠢᠨᠠᠨ ᠡᠵᠡᠮᠳᠡᠵᠦ ᠰᠢᠯᠭᠠᠨ ᠦᠨᠡᠯᠡᠬᠦ ᠳ᠋ᠦᠩᠨᠡᠯᠲᠡ ᠶᠢᠨ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠤᠷᠠᠯᠳᠤᠪᠠ᠃ ᠳ᠋ᠦᠩᠨᠡᠯᠲᠡ ᠶᠢᠨ ᠬᠤᠷᠠᠯ ᠠᠴᠠ ᠡᠮᠦᠨ᠎ᠡ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠱᠠᠭᠠᠷᠳᠠᠨ ᠪᠠᠶᠢᠴᠠᠭᠠᠬᠤ ᠪᠠ ᠬᠢᠨᠠᠨ ᠡᠵᠡᠮᠳᠡᠵᠦ ᠰᠢᠯᠭᠠᠨ ᠦᠨᠡᠯᠡᠬᠦ ᠬᠤᠷᠠᠯ ᠬᠤᠷᠠᠯᠳᠤᠭᠤᠯᠪᠠ᠃    ᠳ᠋ᠦᠩᠨᠡᠯᠲᠡ ᠶᠢᠨ ᠬᠤᠷᠠᠯ ᠳᠡᠭᠡᠷ᠎ᠡ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠪᠠᠢ ᠶᠦᠨ ᠬᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠦᠩ ᠬᠤᠩ ᠶᠠᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠪᠣᠯᠤᠨ ᠠᠶᠢᠮᠠᠭ ᠤᠨ ᠰᠢᠭᠤᠳ ᠬᠠᠷᠢᠶ᠎ᠠ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠰᠠᠨᠠᠯ ᠢᠶᠠᠨ ᠰᠣᠯᠢᠯᠴᠠᠬᠤ ᠶᠢᠨ ᠬᠠᠮᠲᠤ ᠲᠤᠰ ᠤᠳᠠᠭᠠᠨ ᠤ ᠰᠢᠪᠠᠳᠠᠨ ᠪᠠᠶᠢᠴᠠᠭᠠᠯᠲᠠ ᠪᠠ ᠬᠢᠨᠠᠨ ᠡᠵᠡᠮᠳᠡᠵᠦ ᠰᠢᠯᠭᠠᠨ ᠦᠨᠡᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠪᠠ᠃ ᠬᠤᠷᠠᠯ ᠠᠴᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠵᠤ᠂ ᠰᠢᠢᠳᠪᠦᠷᠢᠯᠡᠬᠦ ᠨᠣᠷᠮ᠎ᠠ ᠪᠣᠯᠤᠨ ᠬᠤᠪᠢᠷᠠᠭᠤᠯᠬᠤ ᠨᠣᠷᠮ᠎ᠠ ᠳᠡᠭᠡᠷ᠎ᠡ ᠬᠦᠴᠦ ᠲᠠᠯᠪᠢᠵᠤ᠂ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠮᠥᠷᠳᠡᠨ ᠰᠢᠢᠳᠪᠦᠷᠢᠯᠡᠵᠦ ᠵᠥᠪᠳᠡᠯᠴᠡᠬᠦ ᠪᠠᠷ ᠳᠠᠮᠵᠢᠭᠤᠯᠵᠤ᠂ ᠰᠠᠨᠠᠯ ᠳᠤᠷᠠᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠦᠨᠡᠯᠡᠨ ᠶᠠᠷᠢᠯᠴᠠᠭᠰᠠᠨ ᠰᠠᠨᠠᠯ ᠢ ᠨᠠᠷᠢᠨ ᠬᠢᠨᠠᠮᠠᠭᠠᠢ ᠰᠢᠩᠭᠡᠭᠡᠨ ᠠᠪᠴᠤ᠂ ᠰᠤᠳᠤᠯᠤᠨ ᠪᠠᠶᠢᠷᠢᠯᠠᠭᠤᠯᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠰᠠᠨᠠᠯ ᠳᠤᠷᠠᠳᠤᠯᠭ᠎ᠠ ᠶᠢᠨ ᠦᠷ᠎ᠡ ᠪᠦᠲᠦᠭᠡᠯ ᠢ ᠪᠦᠲᠦᠮᠵᠢᠲᠡᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠵᠥᠪᠯᠡᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠵᠠᠳᠠᠯᠤᠨ ᠨᠠᠷᠢᠯᠢᠬᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠥᠪᠯᠡᠬᠦ ᠭᠤᠣᠯ ᠴᠣᠭᠴᠠ ᠶᠢᠨ ᠬᠤᠭᠤᠷᠣᠨᠳᠣᠬᠢ ᠣᠶᠢᠯᠠᠭᠠᠯᠲᠠ ᠪᠠᠨ ᠨᠡᠮᠡᠭᠳᠡᠭᠦᠯᠵᠦ᠂ ᠵᠥᠪᠳᠡᠯᠴᠡᠬᠦ ᠳᠤᠮᠳᠠ ᠬᠠᠮᠲᠤ ᠶᠢᠨ ᠲᠠᠨᠢᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ︔ ᠰᠠᠨᠠᠯ ᠳᠤᠷᠠᠳᠤᠯᠭ᠎ᠠ ᠶᠢᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠬᠤ ᠬᠡᠷᠡᠭᠲᠡᠢ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠪᠠᠶᠠᠨᠬᠤᠰᠢᠭᠤ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠵᠡᠷᠭᠡ ᠠᠵᠢᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号