ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/14
   10 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠬᠠᠮᠢᠶ᠎ᠠ ᠪᠦᠬᠦᠢ ᠠᠵᠤ ᠠᠬᠤᠶᠢᠯᠠᠯ ᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠠᠶᠢᠳᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠰᠧᠨ᠂ ᠬᠤᠰᠢᠭᠤᠨ ᠤ ᠤᠳᠤᠷᠢᠳᠤᠯᠭ᠎ᠠ ᠮᠧᠨ ᠴᠤᠸᠠᠨ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    10 ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠪᠦᠯᠬᠦᠮ ᠤᠷᠢᠳ ᠬᠤᠵᠢᠳ ᠲᠦᠰᠢᠶᠡᠲᠦ ᠴᠢᠨ ᠸᠠᠩ ᠤᠨ ᠣᠷᠳᠣᠨ᠂ ᠪᠠᠲᠤᠴᠠᠭᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠳᠠᠶᠢᠴᠢᠨᠲᠠᠯ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ᠂ ᠺᠢᠨᠣ᠋ ᠦᠢᠯᠡᠳᠬᠦ ᠰᠠᠭᠤᠷᠢᠨ ᠭᠠᠵᠠᠷ ᠵᠡᠷᠭᠡ ᠳᠤ ᠬᠦᠷᠴᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠦᠬᠡ ᠶᠢᠨ ᠬᠤᠪᠢᠷᠠᠯᠲᠠ ᠬᠢᠭᠡᠳ ᠰᠣᠶᠣᠯ ᠤᠨ ᠠᠭᠤᠯᠬᠤᠨ ᠢ ᠭᠦᠨᠵᠡᠭᠡᠢ ᠣᠶᠢᠯᠠᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠷᠢᠳᠢ ᠰᠢᠳᠢ ᠶᠢ ᠣᠶᠢᠯᠠᠭᠠᠵᠤ᠂ ᠦᠵᠡᠮᠵᠢ ᠶᠢᠨ ᠣᠷᠣᠨ ᠤ ᠥᠩᠭᠡ ᠦᠵᠡᠮᠵᠢ᠂ ᠬᠡᠭᠡᠷ᠎ᠡ ᠪᠠᠭᠤᠳᠠᠯᠯᠠᠬᠤ ᠲᠥᠬᠦᠭᠡᠷᠦᠮᠵᠢ᠂ ᠪᠠᠶᠢᠭᠠᠯᠢ ᠶᠢᠨ ᠰᠤᠳᠤᠯᠤᠨ ᠰᠤᠷᠤᠯᠴᠠᠬᠤ ᠲᠥᠷᠥᠯ ᠵᠦᠢᠯ ᠵᠢᠴᠢ ᠵᠤᠭᠠᠴᠠᠭᠰᠠᠳ ᠤᠨ ᠵᠤᠭᠠᠴᠠᠨ ᠨᠠᠭᠠᠳᠬᠤ ᠪᠡᠯᠡᠳᠬᠡᠮᠵᠢ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃    ᠬᠤᠰᠢᠭᠤᠨ ᠤ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠷᠢᠭᠤᠴᠠᠯᠭᠠᠲᠠᠨ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠵᠢᠯᠲᠠᠨ᠂ ᠭᠤᠣᠯᠳᠠᠯᠭ᠎ᠠ ᠲᠠᠢ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠥᠮᠦᠰ᠂ ᠡᠯ᠎ᠡ ᠰᠤᠮᠤ ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠵᠢᠭᠤᠯᠴᠢᠯᠠᠯ ᠤᠨ ᠬᠠᠷᠢᠭᠤᠴᠠᠯᠭᠠᠲᠠᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠣᠷᠣᠯᠴᠠᠵᠠᠢ᠃ ᠪᠣᠯᠪᠠᠰᠤᠷᠠᠯ ᠤᠨ ᠬᠤᠷᠠᠯ ᠳᠡᠭᠡᠷ᠎ᠡ᠂ ᠬᠠᠢ ᠳ᠋ᠢᠶᠠᠨ ᠲᠣᠭᠤᠷᠢᠭ ᠤᠨ ᠲᠤᠰᠬᠠᠢ ᠮᠡᠷᠭᠡᠵᠢᠯᠲᠡᠨ ᠵᠢᠭᠤᠯᠴᠢᠯᠠᠯ ᠤᠨ ᠲᠥᠯᠥᠪᠵᠢᠭᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠡᠭᠦᠳᠦᠯᠲᠡ ᠶᠢᠨ ᠡᠵᠡᠩᠨᠡᠯᠲᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠲᠠᠯ᠎ᠠ ᠶᠢᠨ ᠲᠣᠭᠤᠷᠢᠨ ᠳᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠦᠵᠡᠮᠵᠢ ᠶᠢᠨ ᠣᠷᠣᠨ᠂ ᠦᠵᠡᠮᠵᠢ ᠶᠢᠨ ᠣᠷᠣᠨ᠂ ᠵᠢᠭᠤᠯᠴᠢᠯᠠᠯ ᠤᠨ ᠠᠵᠤ ᠦᠢᠯᠡᠰ ᠤᠨ ᠲᠥᠯᠥᠪᠵᠢᠭᠦᠯᠭᠡ ᠶᠢ ᠬᠡᠷᠬᠢᠨ ᠨᠡᠩ ᠰᠠᠶᠢᠨ ᠬᠢᠬᠦ ᠶᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠳᠤ ᠣᠨᠣᠯ ᠤᠨ ᠵᠢᠯᠣᠭᠤᠳᠣᠯᠭ᠎ᠠ ᠬᠠᠩᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号