ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠰᠤᠷᠭᠠᠭᠤᠯᠢ ᠡᠷᠬᠢᠯᠡᠬᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/14
   10 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠠᠮᠤᠷ ᠤᠨ ᠤᠯᠠᠷᠢᠯ ᠤᠨ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠰᠤᠷᠭᠠᠭᠤᠯᠢ ᠡᠷᠬᠢᠯᠡᠬᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠦᠩ ᠮᠧᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ᠂ ᠭᠠᠯ ᠰᠡᠷᠭᠡᠶᠢᠯᠡᠬᠦ᠂ ᠬᠤᠲᠠ ᠶᠢᠨ ᠬᠢᠨᠠᠯᠲᠠ ᠲᠠᠯᠪᠢᠬᠤ᠂ ᠰᠣᠶᠣᠯ ᠵᠢᠭᠤᠯᠴᠢᠯᠠᠯ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠪᠦᠬᠦ ᠬᠤᠰᠢᠭᠤᠨ ᠤ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠠᠴᠠ ᠡᠮᠦᠨ᠎ᠡ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ᠂ ᠰᠣᠶᠣᠯ ᠤᠷᠠᠯᠢᠭ ᠤᠨ ᠲᠥᠷᠥᠯ ᠪᠠ ᠪᠡᠶ᠎ᠡ ᠶᠢᠨ ᠲᠠᠮᠢᠷ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠶᠢ ᠬᠦᠴᠦᠲᠡᠢ ᠠᠬᠢᠭᠤᠯᠬᠤ᠂ ᠬᠠᠮᠢᠶᠠᠷᠤᠯᠲᠠ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ᠂ ᠪᠦᠬᠦ ᠤᠯᠤᠰ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠯᠲᠡ ᠶᠢ ᠴᠢᠩᠭᠠᠳᠬᠠᠬᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠨ ᠬᠠᠮᠢᠶᠠᠷᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠶᠠᠷᠢᠯᠴᠠᠭ᠎ᠠ ᠥᠷᠨᠢᠭᠦᠯᠬᠦ ᠶᠢᠨ ᠬᠠᠮᠲᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠣᠤ ᡁᠢ ᠭᠤᠸᠠᠩ ᠨᠥᠬᠦᠷ ᠦᠨᠳᠦᠰᠦᠨ ᠠᠮᠤᠷ ᠲᠦᠪᠰᠢᠨ ᠤ ᠬᠠᠮᠢᠶᠠᠷᠤᠯᠲᠠ ᠶᠢᠨ ᠮᠡᠳᠡᠯᠭᠡ ᠪᠠ ᠤᠷ᠎ᠠ ᠴᠢᠳᠠᠪᠤᠷᠢ᠂ ᠠᠮᠤᠷ ᠢ ᠬᠠᠮᠠᠭᠠᠯᠠᠬᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠷᠭ᠎ᠠ ᠵᠡᠷᠭᠡ ᠲᠠᠯ᠎ᠠ ᠪᠠᠷ ᠲᠠᠶᠢᠯᠤᠮᠵᠢ ᠬᠢᠪᠡ︔ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠥᠪᠯᠡᠭᠴᠢ ᠯᠢᠦ ᠢ ᠨᠥᠬᠦᠷ ᠭᠠᠯ ᠤᠨᠲᠠᠷᠠᠭᠠᠬᠤ ᠠᠮᠤᠷ ᠲᠦᠪᠰᠢᠨ ᠤ ᠲᠣᠭᠤᠷᠢᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠠᠭᠠᠯᠠᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ᠂ ᠴᠠᠬᠢᠯᠭᠠᠨ ᠬᠡᠷᠡᠭᠰᠡᠯ ᠤᠨ ᠱᠤᠭᠤᠮ ᠤᠨ ᠪᠠᠶᠢᠴᠠᠭᠠᠯᠲᠠ ᠵᠡᠷᠭᠡ ᠲᠠᠯ᠎ᠠ ᠪᠠᠷ ᠨᠠᠷᠢᠨ ᠪᠣᠳᠠᠲᠠᠢ ᠱᠠᠭᠠᠷᠳᠠᠯᠭ᠎ᠠ ᠳᠤᠷᠠᠳᠪᠠ︔ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠭᠠᠲᠤᠷ ᠨᠥᠬᠦᠷ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠠᠶᠢᠩᠭᠤ ᠲᠣᠬᠢᠶᠠᠯᠳᠤᠬᠤ ᠵᠠᠷ ᠮᠡᠳᠡᠭᠡ᠂ ᠰᠦᠢᠳᠬᠡᠯ ᠢ ᠪᠤᠴᠠᠭᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠳᠠᠯᠬᠤ ᠶᠢᠨ ᠬᠠᠮᠲᠤ ᠰᠦᠢᠳᠬᠡᠯ ᠪᠤᠴᠠᠭᠠᠬᠤ ᠳᠦᠷᠢᠮ ᠤᠨ ᠱᠠᠭᠠᠷᠳᠠᠯᠭ᠎ᠠ ᠶᠢ ᠲᠣᠳᠣᠷᠬᠠᠢ ᠳᠤᠷᠠᠳᠤᠨ ᠭᠠᠷᠭᠠᠵᠠᠢ᠃    ᠬᠤᠷᠠᠯ ᠳᠡᠭᠡᠷ᠎ᠡ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠦᠩ ᠮᠧᠢ ᠨᠥᠬᠦᠷ ᠶᠠᠷᠢᠶ᠎ᠠ ᠲᠠᠯᠪᠢᠪᠠ᠂ ᠲᠡᠷᠡ ᠵᠢᠭᠠᠵᠤ ᠭᠠᠷᠭᠠᠭᠰᠠᠨ ᠨᠢ᠂ ᠣᠳᠣᠬᠠᠨ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ᠂ ᠲᠠᠯᠠᠪᠤᠷ᠂ ᠵᠢᠭᠠᠨ ᠰᠤᠷᠭᠠᠯᠲᠠ ᠶᠢᠨ ᠠᠭᠤᠯᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠪᠣᠳᠠᠲᠠᠢ ᠱᠠᠭᠠᠷᠳᠠᠯᠭ᠎ᠠ ᠳᠤᠷᠠᠳᠪᠠ᠃ ᠨᠢᠭᠡ ᠳᠤ᠂ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠲᠠᠬᠢᠨ ᠱᠤᠭᠤᠪᠠ᠃ ᠡᠯ᠎ᠡ ᠪᠠᠶᠢᠭᠤᠯᠤᠮᠵᠢ ᠨᠤᠭᠤᠳ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢᠶᠠᠨ ᠦᠷᠭᠦᠯᠵᠢᠯᠡᠨ ᠰᠢᠨᠡᠴᠢᠯᠡᠵᠦ᠂ ᠰᠤᠷᠭᠠᠭᠤᠯᠢ ᠡᠷᠬᠢᠯᠡᠬᠦ ᠰᠡᠳᠬᠢᠴᠡ ᠪᠠᠨ ᠲᠠᠰᠤᠷᠠᠯᠲᠠ ᠦᠭᠡᠢ ᠰᠢᠨᠡᠳᠬᠡᠵᠦ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠰᠤᠷᠤᠯᠴᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠬᠤ ᠬᠡᠷᠡᠭᠲᠡᠢ︔ ᠬᠤᠶᠠᠷ ᠲᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠭᠡᠷ ᠤᠨ ᠠᠬᠠᠮᠠᠳ ᠵᠢᠴᠢ ᠰᠤᠷᠤᠭᠴᠢ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ᠂ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠵᠢᠷᠤᠮᠵᠢᠯ ᠢ ᠣᠶᠢᠯᠠᠭᠠᠵᠤ᠂ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠭᠤᠯᠤᠭᠳᠠᠬᠤᠨ ᠢ ᠲᠠᠰᠤᠷᠠᠯᠲᠠ ᠥᠬᠡᠶ ᠴᠢᠩᠭᠠᠳᠬᠠᠵᠤ᠂ ᠵᠣᠯ ᠵᠢᠷᠭᠠᠯᠲᠤ ᠰᠤᠷᠭᠠᠭᠤᠯᠢ ᠶᠢᠨ ᠭᠠᠳᠠᠨᠠᠬᠢ ᠬᠥᠮᠦᠨ ᠬᠥᠮᠦᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ︔ ᠳᠥᠷᠪᠡ ᠳᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢᠨ ᠡᠷᠡᠭᠦᠯ ᠮᠡᠨᠳᠦ᠂ ᠰᠤᠷᠭᠠᠭᠤᠯᠢ ᠡᠷᠬᠢᠯᠡᠬᠦ ᠦᠵᠡᠯ ᠰᠠᠨᠠᠭ᠎ᠠ ᠲᠥᠪ᠂ ᠰᠤᠷᠭᠠᠭᠤᠯᠢ ᠡᠷᠬᠢᠯᠡᠬᠦ ᠲᠦᠭᠰᠢᠭᠦᠷᠢ ᠶᠢ ᠡᠵᠡᠮᠳᠡᠵᠦ ᠪᠣᠯᠬᠤ ᠶᠢ ᠪᠠᠲᠤᠯᠠᠬᠤ ᠶᠢᠨ ᠬᠠᠮᠲᠤ ᠵᠢᠭᠠᠨ ᠰᠤᠷᠭᠠᠬᠤ ᠬᠥᠮᠦᠰ ᠤᠨ ᠰᠠᠶᠢᠨ ᠰᠠᠶᠢᠬᠠᠨ ᠡᠷᠬᠢᠯᠡᠭᠰᠡᠨ ᠠᠵᠢᠯ ᠤᠨ ᠶᠣᠰᠣ ᠮᠣᠷᠠᠯ ᠤᠨ ᠪᠣᠯᠪᠠᠰᠤᠷᠠᠯ ᠪᠣᠯᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠲᠠᠢ ᠪᠠᠶᠢᠬᠤ ᠶᠢ ᠪᠠᠲᠤᠯᠠᠵᠤ᠂ ᠪᠣᠯᠪᠠᠰᠤᠷᠠᠭᠤᠯᠤᠯ ᠤᠨ ᠶᠠᠰᠤ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠤᠨ ᠳᠠᠷᠠᠭ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠭᠤᠷᠪᠠᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠪᠦᠷᠢᠨ ᠪᠤᠰᠤ᠂ ᠵᠠᠷᠯᠠᠨ ᠨᠡᠶᠢᠲᠡᠯᠡᠭᠰᠡᠨ ᠠᠭᠤᠯᠭ᠎ᠠ ᠨᠢ ᠵᠢᠷᠤᠮᠵᠢᠯ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ ︽ᠡᠷᠭᠢᠵᠦ ᠬᠠᠷᠠᠬᠤ︾ ᠪᠠᠶᠢᠴᠠᠭᠠᠯᠲᠠ ᠬᠢᠬᠦ ᠶᠢᠨ ᠬᠠᠮᠲᠤ ᠪᠤᠰᠤᠳ ᠪᠣᠯᠪᠠᠰᠤᠷᠠᠯ ᠤᠨ ᠪᠠᠶᠢᠭᠤᠯᠤᠮᠵᠢ ᠶᠢ ᠪᠦᠬᠦ ᠲᠠᠯ᠎ᠠ ᠪᠠᠷ ᠪᠠᠶᠢᠴᠠᠭᠠᠨ ᠵᠢᠯᠣᠭᠤᠳᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号