ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠬᠢᠭᠡᠳ ᠬᠠᠶᠢᠳᠢᠶᠠᠨ ᠲᠣᠭᠤᠷᠢᠭ ᠤᠨ ᠪᠠᠭᠰᠢ ᠶᠢᠨ ᠳᠠᠪᠲᠠᠨ ᠪᠣᠯᠪᠠᠰᠤᠷᠠᠭᠤᠯᠬᠤ ᠰᠤᠷᠭᠠᠭᠤᠯᠢ ᠬᠠᠮᠲᠤᠷᠠᠨ ᠪᠠᠭᠰᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/10/14
   ︽ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ︾ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠠᠴᠠ ᠬᠠᠶᠢᠳᠢᠶᠠᠨ ᠲᠣᠭᠤᠷᠢᠭ ᠤᠨ ᠪᠠᠭᠰᠢ ᠶᠢᠨ ᠳᠠᠪᠲᠠᠨ ᠪᠣᠯᠪᠠᠰᠤᠷᠠᠬᠤ ᠰᠤᠷᠭᠠᠭᠤᠯᠢ ᠶᠢᠨ ᠬᠤᠶᠠᠷ ᠨᠡᠷ᠎ᠡ ᠬᠦᠨᠳᠦᠲᠦ ᠲᠤᠰᠬᠠᠢ ᠮᠡᠷᠭᠡᠵᠢᠯᠲᠡᠨ ᠢ ᠲᠤᠰᠬᠠᠶᠢᠯᠠᠨ ᠤᠷᠢᠵᠤ᠂ ᠬᠤᠶᠠᠷ ᠲᠠᠯᠠᠪᠤᠷ ᠰᠦᠯᠵᠢᠶᠡᠨ ᠳᠡᠭᠡᠷᠡᠬᠢ ᠲᠤᠰᠬᠠᠢ ᠰᠡᠳᠦᠪᠲᠦ ᠪᠣᠯᠪᠠᠰᠤᠷᠠᠯ ᠤᠨ ᠲᠠᠶᠢᠯᠤᠮᠵᠢ ᠥᠷᠨᠢᠭᠦᠯᠪᠡ᠃ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠺᠠᠳ᠋ᠷ᠂ ᠰᠢᠨᠵᠢᠯᠡᠭᠡᠨ ᠤ ᠰᠠᠯᠠᠭᠠᠨ ᠤ ᠭᠤᠣᠯᠯᠠᠭᠴᠢ ᠪᠠᠭᠰᠢ᠂ ᠣᠶᠢᠷ᠎ᠠ ᠶᠢᠨ ᠲᠠᠪᠤᠨ ᠵᠢᠯ ᠳᠤ ᠠᠵᠢᠯ ᠳᠤ ᠤᠷᠤᠭᠰᠠᠨ ᠰᠢᠨ᠎ᠡ ᠪᠠᠭᠰᠢ ᠵᠢᠴᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠦᠬᠦ ᠰᠤᠳᠤᠯᠤᠨ ᠪᠣᠯᠪᠠᠰᠤᠷᠠᠭᠤᠯᠬᠤ ᠠᠵᠢᠯᠲᠠᠨ ᠨᠡᠶᠢᠲᠡ 940 ᠭᠠᠷᠤᠢ ᠬᠥᠮᠦᠨ ᠠᠵᠢᠯᠯᠠᠭ᠎ᠠ ᠳᠤ ᠣᠷᠣᠯᠴᠠᠵᠠᠢ᠃ ᠲᠤᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠶᠢ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠪᠠ ᠬᠠᠶᠢᠳᠢᠶᠠᠨ ᠲᠣᠭᠤᠷᠢᠭ ᠤᠨ ᠪᠠᠭᠰᠢ ᠶᠢᠨ ᠳᠠᠪᠲᠠᠨ ᠪᠣᠯᠪᠠᠰᠤᠷᠠᠬᠤ ᠰᠤᠷᠭᠠᠭᠤᠯᠢ ᠬᠠᠮᠲᠤᠷᠠᠨ ᠡᠷᠬᠢᠯᠡᠵᠦ᠂ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠮᠠᠨᠳᠤᠯ ᠬᠠᠢ ᠳ᠋ᠢᠶᠠᠨ ᠲᠣᠭᠤᠷᠢᠭ ᠤᠨ ᠪᠠᠭᠰᠢ ᠶᠢᠨ ᠳᠠᠪᠲᠠᠨ ᠪᠣᠯᠪᠠᠰᠤᠷᠠᠬᠤ ᠰᠤᠷᠭᠠᠭᠤᠯᠢ ᠶᠢᠨ ᠵᠠᠬᠢᠷᠤᠯ ᠤᠨ ᠲᠤᠰᠠᠯᠠᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠫᠢ ᠭᠦᠸᠧ ᠼᠦᠢ ᠰᠦᠯᠵᠢᠶᠡᠨ ᠳᠡᠭᠡᠷ᠎ᠡ ᠡᠷᠬᠢᠯᠡᠪᠡ᠃    ᠪᠣᠯᠪᠠᠰᠤᠷᠠᠯ ᠡᠬᠢᠯᠡᠭᠰᠡᠨ ᠤ ᠳᠠᠷᠠᠭ᠎ᠠ᠂ ᠬᠠᠢ ᠳ᠋ᠢᠶᠠᠨ ᠲᠣᠭᠤᠷᠢᠭ ᠤᠨ ᠪᠠᠭᠰᠢ ᠶᠢᠨ ᠳᠠᠪᠲᠠᠨ ᠪᠣᠯᠪᠠᠰᠤᠷᠠᠬᠤ ᠰᠤᠷᠭᠠᠭᠤᠯᠢ ᠶᠢᠨ ᠵᠠᠬᠢᠷᠤᠯ ᠤᠨ ᠲᠤᠰᠠᠯᠠᠭᠴᠢ᠂ ᠳᠤᠮᠳᠠᠳᠤ ᠤᠯᠤᠰ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠡᠷᠬᠢᠯᠡᠭᠴᠢ ᠼᠦᠢ ᠶᠠᠨ ᠣᠯᠠᠨ ᠳᠤ ︽ᠬᠡᠪ ᠪᠣᠯᠪᠠᠰᠤᠷᠠᠯ ᠤᠨ ᠤᠳᠤᠷᠢᠳᠤᠮᠵᠢ ᠶᠢᠨ ᠨᠢᠭᠡᠴᠢ ᠶᠢᠨ ᠵᠢᠭᠠᠨ ᠰᠤᠷᠭᠠᠯᠲᠠ ᠪᠠ ᠬᠡᠷᠡᠭᠵᠢᠭᠦᠯᠬᠦ ᠰᠠᠨᠠᠭᠤᠯᠭ᠎ᠠ︾ ᠶᠢᠨ ᠭᠤᠶᠢᠳᠠ ᠰᠠᠶᠢᠬᠠᠨ ᠲᠠᠶᠢᠯᠤᠮᠵᠢ ᠬᠢᠵᠡᠢ᠃ ᠼᠦᠢ ᠡᠷᠬᠢᠯᠡᠭᠴᠢ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠦᠨᠳᠦᠰᠦᠨ ᠰᠤᠳᠠᠰᠤ ᠠᠴᠠ ᠭᠠᠷᠳᠠᠵᠤ᠂ ᠭᠤᠣᠯ ᠬᠡᠪ ᠪᠣᠯᠪᠠᠰᠤᠷᠠᠯ ᠤᠨ ᠭᠦᠨᠵᠡᠭᠡᠢ ᠰᠤᠷᠤᠯᠴᠠᠬᠤ ᠵᠢᠭᠠᠨ ᠰᠤᠷᠭᠠᠯᠲᠠ ᠶᠢ ᠵᠢᠭᠠᠨ ᠰᠤᠷᠭᠠᠯᠲᠠ ᠶᠢ ᠰᠠᠶᠢᠵᠢᠷᠠᠭᠤᠯᠬᠤ ᠵᠠᠭᠪᠤᠷ ᠢ ᠵᠢᠷᠭᠤᠭᠠᠨ ᠲᠠᠯ᠎ᠠ ᠠᠴᠠ ᠭᠦᠨᠵᠡᠭᠡᠢ ᠵᠠᠳᠠᠯᠤᠨ ᠰᠢᠨᠵᠢᠯᠡᠵᠦ᠂ ᠪᠠᠭᠰᠢ ᠨᠠᠷ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠤᠬᠠᠶᠢᠯᠠᠪᠠᠯ ᠶᠠᠭᠤ ᠶᠢ ᠭᠤᠣᠯᠯᠠᠬᠤ ᠬᠡᠪ ᠪᠣᠯᠪᠠᠰᠤᠷᠠᠯ ᠭᠡᠬᠦ᠂ ︽ᠨᠢᠭᠡᠴᠡ ︾ ᠪᠣᠯᠤᠨ ︽ᠬᠢᠴᠢᠶᠡᠯ ᠤᠨ ᠴᠠᠭ︾ ᠢ ᠬᠡᠷᠬᠢᠨ ᠲᠣᠳᠣᠷᠬᠠᠶᠢᠯᠠᠬᠤ ᠵᠡᠷᠭᠡ ᠳᠣᠯᠣᠭᠠᠨ ᠲᠠᠯ᠎ᠠ ᠪᠠᠷ ᠨᠠᠷᠢᠨ ᠨᠢᠮᠪᠠᠢ ᠬᠠᠷᠢᠭᠤᠯᠲᠠ ᠥᠭᠴᠦ᠂ ᠪᠠᠭᠰᠢ ᠨᠠᠷ ᠲᠤ ᠡᠷᠬᠢᠮ ᠨᠠᠨᠳᠢᠨ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠪᠠ ᠦᠢᠯᠡᠳᠦᠯᠭᠡ ᠶᠢᠨ ᠰᠡᠩᠬᠡᠷᠡᠭᠦᠯᠦᠯ ᠣᠯᠭᠤᠭᠰᠠᠨ ᠪᠠᠶᠢᠨ᠎ᠠ᠃    ᠬᠠᠶᠢᠳᠢᠶᠠᠨ ᠲᠣᠭᠤᠷᠢᠭ ᠤᠨ ᠪᠠᠭᠰᠢ ᠶᠢᠨ ᠳᠠᠪᠲᠠᠨ ᠪᠣᠯᠪᠠᠰᠤᠷᠠᠭᠤᠯᠬᠤ ᠰᠤᠷᠭᠠᠭᠤᠯᠢ ᠶᠢᠨ ᠵᠠᠬᠢᠷᠤᠯ ᠤᠨ ᠲᠤᠰᠠᠯᠠᠭᠴᠢ᠂ ᠡᠷᠬᠢᠯᠡᠭᠴᠢ ᠴᠧᠨ ᠶᠢᠩ ︽ᠵᠢᠭᠠᠨ ᠰᠤᠳᠤᠯᠬᠤ ᠳᠠᠭᠠᠭᠤᠯᠤᠭᠰᠠᠨ ᠬᠢᠴᠢᠶᠡᠯ ᠲᠥᠷᠥᠯ ᠤᠨ ᠭᠤᠣᠯ ᠰᠡᠳᠦᠪ ᠠᠯᠤᠰᠯᠠᠭᠰᠠᠨ ᠰᠤᠷᠤᠯᠴᠠᠨ ᠦᠢᠯᠡᠳᠦᠯᠭᠡᠵᠢᠭᠦᠯᠬᠦ ᠰᠦᠪᠡᠭᠴᠢᠯᠡᠯ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠦ᠂ ᠬᠢᠴᠢᠶᠡᠯ ᠤᠨ ᠥᠭᠡᠷᠡᠴᠢᠯᠡᠯᠲᠡ ᠶᠢᠨ ᠠᠬᠤᠢ ᠪᠠᠶᠢᠳᠠᠯ᠂ ᠵᠢᠭᠠᠨ ᠰᠤᠳᠤᠯᠬᠤ ᠬᠠᠷᠠᠭᠠᠰᠤ ᠠᠴᠠ ᠡᠭᠦᠰᠴᠦ᠂ ᠰᠢᠨᠵᠢᠯᠡᠭᠡᠨ ᠤ ᠰᠠᠯᠠᠭ᠎ᠠ ᠶᠢᠨ ᠦᠢᠯᠡᠳᠦᠯᠭᠡ ᠬᠢᠭᠡᠳ ᠵᠢᠭᠠᠨ ᠰᠤᠳᠤᠯᠬᠤ ᠲᠤᠯᠭᠠᠭᠤᠷᠢᠯᠠᠯ ᠵᠡᠷᠭᠡ ᠬᠤᠶᠠᠷ ᠶᠡᠭᠡ ᠲᠠᠯ᠎ᠠ ᠲᠠᠢ ᠤᠶᠠᠯᠳᠤᠭᠤᠯᠤᠨ᠂ ᠬᠢᠴᠢᠶᠡᠯ ᠲᠥᠷᠥᠯ ᠤᠨ ᠭᠤᠣᠯ ᠰᠡᠳᠦᠪᠲᠦ ᠰᠤᠷᠤᠯᠴᠠᠯᠭ᠎ᠠ ᠶᠢᠨ ᠴᠢᠬᠤᠯᠠ ᠴᠢᠨᠠᠷ ᠪᠠ ᠬᠡᠷᠡᠭᠵᠢᠭᠦᠯᠬᠦ ᠠᠷᠭ᠎ᠠ ᠵᠠᠮ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠲᠡᠷᠡ᠂ ᠬᠢᠴᠢᠶᠡᠯ ᠲᠥᠷᠥᠯ ᠠᠯᠤᠰᠯᠠᠭᠰᠠᠨ ᠰᠤᠷᠤᠯᠴᠠᠯᠭ᠎ᠠ ᠨᠢ ᠬᠢᠴᠢᠶᠡᠯ ᠲᠥᠷᠥᠯ ᠤᠨ ᠬᠤᠷᠢᠭ᠎ᠠ ᠴᠠᠷᠠᠭ᠎ᠠ ᠶᠢ ᠡᠪᠳᠡᠵᠦ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ ᠴᠢᠳᠠᠨ᠎ᠠ᠃ ᠠᠮᠢᠳᠤᠯᠢᠭ ᠲᠠᠶᠢᠯᠪᠤᠷᠢᠯᠠᠯᠲᠠ ᠪᠠ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠴᠧᠨ ᠡᠷᠬᠢᠯᠡᠭᠴᠢ ᠪᠣᠯᠪᠠᠰᠤᠷᠠᠯ ᠳᠤ ᠣᠷᠣᠯᠴᠠᠭᠰᠠᠨ ᠪᠠᠭᠰᠢ ᠨᠠᠷ ᠲᠤ ᠰᠢᠨᠵᠢᠯᠡᠭᠡᠨ ᠤ ᠭᠤᠣᠯ ᠰᠡᠳᠦᠪ ᠠᠯᠤᠰᠯᠠᠭᠰᠠᠨ ᠰᠤᠷᠤᠯᠴᠠᠯᠭ᠎ᠠ ᠶᠢᠨ ᠲᠤᠬᠠᠢ ᠨᠠᠩ ᠰᠢᠭᠤᠳ ᠪᠠ ᠭᠦᠨᠵᠡᠭᠡᠢ ᠣᠶᠢᠯᠠᠭᠠᠯᠲᠠ ᠲᠠᠢ ᠪᠣᠯᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号