ᠬᠤᠢ ᠰᠤᠮᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/10/14
   ᠤᠶᠢᠷ᠎ᠠ ᠳᠤ᠂ ᠡᠸᠡᠩᠬᠢ ᠬᠤᠰᠢᠭᠤᠨ ᠤ ᠬᠤᠢ ᠰᠤᠮᠤ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠳᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠵᠤᠯᠭᠠᠭᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠬᠢ ᠠᠮᠵᠢᠯᠳᠡ ᠲᠠᠢ ᠲᠡᠬᠦᠰᠴᠦ᠂ ᠬᠤᠢ ᠰᠤᠮᠤᠨ ᠤ ᠡᠯ᠎ᠡ ᠭᠠᠴᠠᠭ᠎ᠠ ᠶᠢᠨ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠳᠤ ᠪᠠᠭᠠᠲᠠᠶ 53 ᠬᠥᠮᠦᠨ ᠪᠣᠯᠪᠠᠰᠤᠷᠠᠯ ᠳᠤ ᠣᠷᠣᠯᠴᠠᠵᠠᠶ᠃   ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠪᠤᠨ ᠬᠤᠰᠢᠭᠤ ᠮᠠᠯ ᠤᠨ ᠨᠤᠤᠰᠤ ᠬᠢᠯᠭᠠᠰᠤ ᠪᠠᠷ ᠳᠡᠭᠡᠰᠦ ᠳᠠᠮᠤᠬᠤ ᠤᠯᠠᠮᠵᠢᠯᠠᠭᠴᠢ ᠰᠠᠷᠠᠨᠴᠡᠴᠡᠭ ᠪᠠᠭᠰᠢ ᠶᠢ ᠤᠷᠢᠵᠤ ᠬᠢᠴᠢᠶᠡᠯ ᠤᠷᠤᠭᠤᠯᠪᠠ᠃ ᠪᠣᠯᠪᠠᠰᠤᠷᠠᠯ ᠳᠤ ᠪᠤᠷᠭᠠᠰᠤᠨ ᠪᠤᠤᠰᠠ ᠪᠤᠰᠬᠠᠬᠤ᠂ ᠲᠠᠪᠤᠨ ᠬᠤᠰᠢᠭᠤ ᠮᠠᠯ ᠤᠨ ᠨᠤᠤᠰᠤ ᠬᠢᠯᠭᠠᠰᠤ ᠪᠠᠷ ᠳᠡᠭᠡᠰᠦ ᠲᠠᠮᠤᠬᠤ᠂ ᠪᠤᠷᠭᠠᠰᠤ ᠬᠢᠬᠦ ᠵᠡᠷᠭᠡ ᠤᠷ᠎ᠠ ᠮᠡᠷᠭᠡᠵᠢᠯ ᠢ ᠵᠢᠭᠠᠵᠤ᠂ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠢ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠪᠤᠯᠪᠠᠰᠤᠷᠠᠯ ᠳᠤ ᠤᠷᠤᠯᠴᠠᠭᠰᠠᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠪᠠ᠃ ᠲᠣᠰ ᠤᠳᠠᠭ᠎ᠠ ᠶᠢᠨ ᠪᠤᠯᠪᠠᠰᠤᠷᠠᠯ ᠨᠢ ᠤᠯᠠᠮᠵᠢᠯᠠᠭᠴᠢ ᠶᠢᠨ ᠮᠡᠷᠭᠡᠵᠢᠯ ᠴᠢᠳᠠᠪᠤᠷᠢ ᠪᠠᠨ ᠨᠠᠩ ᠰᠠᠶᠢᠨ ᠤᠯᠠᠮᠵᠢᠯᠠᠵᠤ ᠨᠠᠩ ᠣᠯᠠᠨ ᠮᠠᠯᠴᠢᠨ ᠲᠦᠮᠠᠨ ᠪᠠ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠳᠤ ᠪᠠᠭᠠᠲᠠᠶ ᠬᠥᠮᠦᠰ ᠢ ᠵᠠᠯᠭᠠᠮᠵᠢᠯᠠᠭᠴᠢ ᠪᠣᠯᠭᠠᠨ ᠬᠥᠮᠦᠵᠢᠭᠦᠯᠬᠦ ᠶᠢᠨ ᠬᠠᠮᠳᠤ᠂ ᠲᠠᠳᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠠᠬᠢᠭᠤᠯᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号