ᠲᠦᠷᠦᠭᠦᠬᠡᠨ᠂ ᠰᠤᠷᠪᠤᠯᠵᠢᠯᠠᠭᠴᠢ ᠬᠥᠬᠡᠬᠤᠲᠠ ᠶᠢᠨ ᠨᠣᠮ ᠤᠨ ᠰᠠᠩ ᠠᠴᠠ ᠣᠶᠢᠯᠠᠭᠠᠭᠰᠠᠨ ᠢᠶᠠᠷ᠂ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠳᠤ ᠬᠥᠬᠡᠬᠤᠲᠠ ᠶᠢᠨ | ᠨᠣᠮ ᠤᠨ ᠰᠠᠩ ᠳᠤ ᠬᠠᠷᠢᠶᠠᠯᠠᠭᠳᠠᠬᠤ ᠬᠤᠨ ᠭᠠᠯᠠᠭᠤ ᠪᠢᠴᠢᠭ ᠤᠨ ᠥᠷᠥᠭᠡ ᠬᠡᠪ ᠤᠨ ᠪᠠᠶᠢᠳᠠᠯ ᠢᠶᠠᠷ ᠡᠭᠦᠳᠡ ᠪᠠᠨ | ᠨᠡᠭᠡᠭᠡᠵᠦ᠂ ᠪᠢᠴᠢᠭ ᠤᠨ ᠥᠷᠥᠭᠡᠨ ᠳᠠᠬᠢ ᠡᠯ᠎ᠡ ᠦᠢᠯᠡᠴᠢᠯᠡᠭᠡᠨ ᠤ ᠴᠢᠳᠠᠮᠵᠢ ᠶᠢ ᠬᠡᠪ ᠤᠨ ᠪᠠᠶᠢᠳᠠᠯ ᠢᠶᠠᠷ | ᠠᠵᠢᠯᠯᠠᠭᠤᠯᠵᠤ᠂ ᠤᠩᠰᠢᠭᠴᠢᠳ ᠪᠢᠴᠢᠭ ᠤᠨ ᠦᠷᠦᠭᠡᠨ ᠳᠤ ᠣᠷᠣᠬᠤ ᠳᠤ ᠡᠯ᠎ᠡ ᠵᠦᠢᠯ ᠤᠨ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠂ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠺᠣᠳ᠋ ᠢᠶᠠᠨ | ᠭᠠᠷᠭᠠᠨ ᠦᠵᠡᠭᠦᠯᠬᠦ ᠶᠢᠨ ᠬᠠᠮᠲᠤ ᠠᠮᠤᠷ ᠲᠦᠪᠰᠢᠨ ᠤ ᠵᠠᠶ ᠶᠢ ᠪᠠᠲᠤᠯᠠᠬᠤ ᠶᠢ ᠱᠠᠭᠠᠷᠳᠠᠵᠤ ᠪᠠᠶᠢᠳᠠᠭ᠃ | ᠬᠤᠨ ᠭᠠᠯᠠᠭᠤ ᠪᠠᠶᠠᠰᠬᠤᠯᠠᠩᠲᠤ ᠤᠩᠰᠢᠯᠭ᠎ᠠ ᠶᠢᠨ ᠲᠥᠯᠥᠪᠯᠡᠭᠡ ᠶᠢ 2017 ᠣᠨ ᠤ 11 ᠰᠠᠷ᠎ᠠ ᠶᠢᠨ 23 ᠤ | ᠡᠳᠦᠷ ᠡᠬᠢᠯᠡᠭᠦᠯᠦᠭᠰᠡᠨ ᠠᠴᠠ ᠨᠠᠭᠠᠰᠢ᠂ ᠳᠥᠷᠪᠡᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ | ᠲᠥᠬᠦᠭᠡᠷᠦᠮᠵᠢ ᠶᠢᠨ ᠰᠦᠯᠵᠢᠶᠡᠨ ᠤ ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ ᠨᠣᠮ ᠪᠢᠴᠢᠭ ᠤᠨ | ᠭᠦᠢᠯᠭᠡᠭᠡᠨ ᠤ ᠨᠣᠷᠮ᠎ᠠ ᠶᠡᠭᠡ ᠪᠠᠷ ᠨᠡᠮᠡᠭᠳᠡᠨ᠂ ᠬᠤᠲᠠ ᠬᠥᠳᠡᠭᠡ ᠬᠤᠯᠪᠣᠭᠠᠯᠠᠨ ᠬᠥᠳᠡᠯᠦᠯᠴᠡᠭᠰᠡᠨ ᠢᠶᠠᠷ ᠳᠠᠮᠵᠢᠨ᠂ | ᠨᠡᠶᠢᠲᠡ 30 ᠭᠠᠷᠤᠶ ᠲᠦᠮᠡᠨ ᠬᠤᠲᠠ ᠶᠢᠨ ᠠᠷᠠᠳ ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠠᠰᠢᠭ | ᠬᠦᠷᠲᠡᠭᠡᠭᠰᠡᠨ ᠪᠠᠶᠢᠨ᠎ᠠ᠃ ᠬᠤᠨ ᠭᠠᠯᠠᠭᠤ ᠪᠠᠶᠠᠰᠬᠤᠯᠠᠩᠲᠤ ᠤᠩᠰᠢᠯᠭ᠎ᠠ ᠶᠢᠨ ᠲᠥᠯᠥᠪᠯᠡᠭᠡ ᠶᠢᠨ ᠴᠢᠬᠤᠯᠠ | ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠤᠨ ᠭᠠᠯᠠᠭᠤ ᠪᠢᠴᠢᠭ ᠤᠨ ᠥᠷᠥᠭᠡ ᠨᠢ ᠦᠨᠳᠦᠰᠦᠨ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠠᠳᠠᠯᠢ ᠲᠡᠭᠰᠢ ᠪᠠᠶᠢᠯᠭᠠᠬᠤ ᠶᠢ ᠤᠯᠠᠮ ᠨᠢᠭᠡ ᠠᠯᠬᠤᠮ ᠠᠬᠢᠭᠤᠯᠤᠨ᠂ | ᠠᠷᠠᠳ ᠤᠯᠠᠨ ᠤ ᠨᠣᠮ ᠤᠩᠰᠢᠬᠤ ᠳᠤ ᠨᠠᠩ ᠲᠥᠬᠦᠮ ᠪᠣᠯᠭᠠᠪᠠ᠃ | |