ᠮᠣᠩᠭᠤᠯᠴᠤᠳ ᠤᠨ ᠶᠢᠰᠦᠨ ᠬᠦᠰᠡᠯ
ᠨᠡᠶᠢᠲᠡᠯᠡᠭᠰᠡᠨ ᠴᠠᠭ᠄
2024/10/14
   ᠮᠣᠩᠭᠤᠯᠴᠤᠳ ᠡᠷᠲᠡᠨ ᠠᠴᠠ ᠠᠪᠤᠭᠠᠳ ᠵᠢᠰᠦ ᠶᠢ ᠥᠯᠵᠡᠢ ᠪᠡᠯᠭᠡ ᠲᠠᠢ ᠲᠤᠭ᠎ᠠ ᠭᠡᠵᠤ ᠦᠵᠡᠭᠰᠡᠬᠡᠷ ᠢᠷᠡᠭᠰᠡᠨ ᠶᠤᠮ᠃ ᠵᠢᠰᠦᠨ ᠬᠦᠰᠡᠯ ᠤᠨ ᠪᠡᠯᠬᠡᠳᠡᠯ ᠨᠢ ᠴᠤ ᠮᠤᠩᠭᠤᠯᠴᠤᠳ ᠤᠨ ᠰᠠᠶᠢᠨ ᠰᠠᠶᠢᠬᠠᠨ ᠤ ᠳᠦᠯᠦᠬᠡᠬᠢ ᠳᠡᠮᠡᠦᠯᠦᠯ ᠵᠤᠷᠢᠯᠳᠡ ᠶᠢ ᠬᠠᠷᠠᠭᠤᠯᠵᠦ ᠪᠠᠶᠢᠳᠠᠭ᠃   ᠮᠥᠩᠬᠡ ᠶᠢᠨ ᠬᠦᠰᠡᠯ   ᠮᠣᠩᠭᠤᠯ ᠬᠥᠮᠥᠨ ᠤ ᠣᠶᠣᠨ ᠰᠠᠨᠠᠭᠠᠨ ᠳᠤ ᠮᠠᠰᠢ ᠡᠷᠲᠡᠨ ᠠᠴᠠ ᠮᠥᠩᠬᠡ ᠶᠢᠨ ᠰᠡᠳᠭᠢᠯᠭᠡ ᠲᠣᠰᠣᠭᠰᠠᠨ ᠶᠤᠮ᠃ ᠮᠥᠩᠬᠡ ᠶᠢᠨ ᠡᠩᠬᠡ ᠵᠢᠷᠭᠠᠯ ᠲᠠᠢ᠂ ᠦᠬᠦᠰᠢ ᠦᠭᠡᠢ ᠮᠥᠩᠬᠡ ᠪᠠᠶᠢᠬᠤ ᠶᠢᠨ ᠬᠦᠰᠡᠯ ᠲᠠᠢ᠃   ᠵᠢᠷᠭᠠᠯ ᠤᠨ ᠬᠦᠰᠡᠯ   ᠠᠮᠢᠳᠤ ᠶᠢᠨ ᠵᠢᠷᠭᠠᠯ ᠭᠡᠳᠡᠭ᠃ ᠵᠢᠷᠭᠠᠯ ᠤᠨ ᠳᠡᠭᠡᠳᠦ ᠨᠢ ᠰᠡᠳᠭᠢᠯ ᠤᠨ ᠵᠢᠷᠭᠠᠯ᠂ ᠵᠢᠷᠭᠠᠯ ᠠᠴᠠ ᠰᠠᠶᠢᠬᠠᠨ ᠶᠠᠭᠤᠮ᠎ᠠ ᠦᠭᠡᠢ᠃ ᠥᠰᠭᠦ ᠨᠠᠰᠤᠨ ᠤ ᠵᠢᠷᠭᠠᠯ ᠢ ᠵᠢᠷᠭᠠᠯ ᠭᠡᠵᠤ ᠪᠦᠦ ᠪᠣᠳᠣ ᠭᠡᠵᠤ ᠬᠡᠯᠡᠳᠡᠭ᠃   ᠦᠷ᠎ᠡ ᠶᠢᠨ ᠬᠦᠰᠡᠯ   ᠠᠶᠢᠯ ᠭᠡᠷ ᠤᠨ ᠪᠠᠳᠠᠷᠠᠨ ᠳᠡᠭᠵᠢᠷᠡᠬᠦ ᠶᠢᠨ ᠡᠬᠢ ᠪᠣᠯ ᠭᠠᠯ ᠭᠤᠯᠣᠮᠲᠠ ᠪᠠᠨ ᠰᠠᠬᠢᠵᠤ᠂ ᠭᠠᠯ ᠢᠶᠠᠨ ᠪᠠᠳᠠᠷᠠᠭᠠᠨ᠂ ᠭᠡᠷ ᠢᠶᠠᠨ ᠵᠠᠰᠠᠬᠤ ᠦᠷ᠎ᠡ ᠬᠡᠦᠬᠡᠳ ᠪᠣᠯᠣᠨ᠎ᠠ᠃ ᠡᠶᠢᠮᠦ ᠤᠴᠢᠷ ᠠᠴᠠ ᠮᠣᠩᠭᠤᠯᠴᠤᠳ ︽ᠦᠷ᠎ᠡ ᠶᠢᠨ ᠪᠤᠶᠠᠨ︾ ᠭᠡᠵᠤ ᠦᠷ᠎ᠡ ᠬᠡᠦᠬᠡᠳ ᠢ ᠮᠥᠷᠥᠭᠡᠳᠴᠦ ᠪᠠᠶᠢᠳᠠᠭ᠃ ᠦᠷ᠎ᠡ ᠲᠠᠢ ᠬᠥᠮᠥᠨ ᠤ ᠡᠪᠦᠷ ᠳᠤᠯᠠᠭᠠᠨ᠂ ᠦᠷ᠎ᠡ ᠦᠭᠡᠢ ᠬᠥᠮᠥᠨ ᠤ ᠡᠪᠦᠷ ᠬᠦᠢᠲᠡᠨ᠂ ᠦᠷ᠎ᠡ ᠲᠠᠢ ᠬᠥᠮᠥᠨ ᠤ ᠡᠪᠦᠷ ᠨᠦᠢᠲᠠᠨ᠂ ᠦᠷ᠎ᠡ ᠦᠭᠡᠢ ᠬᠥᠮᠥᠨ ᠤ ᠨᠢᠳᠦ ᠨᠦᠢᠲᠠᠨ ᠭᠡᠳᠡᠭ᠃   ᠡᠷᠳᠡᠮ ᠤᠨ ᠬᠦᠰᠡᠯ   ᠡᠷᠳᠡᠮ ᠪᠣᠯ ᠭᠤᠷᠪᠠᠨ ᠪᠠᠶᠠᠨ ᠤ ᠳᠡᠭᠡᠳᠦ ᠳᠤ ᠣᠷᠣᠳᠠᠭ᠃ ᠬᠥᠮᠥᠨ ᠤ ᠣᠶᠣᠨ ᠤᠬᠠᠭᠠᠨ ᠨᠢ ᠬᠠᠮᠤᠭ ᠢ ᠪᠦᠲᠦᠭᠡᠵᠦ ᠪᠣᠯᠬᠤ ᠳᠤ ᠣᠷᠣᠰᠢᠵᠤ ᠪᠠᠶᠢᠨ᠎ᠠ᠃ ᠮᠣᠩᠭᠤᠯ ᠬᠥᠮᠥᠨ ︽ᠡᠷᠳᠡᠮ ᠤᠨ ᠬᠦᠰᠡᠯ︾ ᠢ ︽ᠨᠣᠮ ᠤᠨ ᠡᠷᠳᠡᠮ︾᠂ ︽ᠤᠷᠠᠯᠠᠬᠤ ᠡᠷᠳᠡᠮ︾᠂ ︽ᠪᠦᠲᠦᠭᠡᠬᠦ ᠡᠷᠳᠡᠮ︾ ᠭᠡᠵᠤ ᠦᠵᠡᠳᠡᠭ᠃ ᠡᠷᠳᠡᠮᠲᠡᠨ ᠬᠥᠮᠥᠨ ᠳᠠᠯᠠᠢ᠂ ᠡᠷᠳᠡᠮ ᠦᠭᠡᠢ ᠬᠥᠮᠥᠨ ᠪᠠᠯᠠᠢ ᠭᠡᠳᠡᠭ᠃   ᠡᠷᠡᠭᠦᠯ ᠤᠨ ᠬᠦᠰᠡᠯ   ᠮᠣᠩᠭᠤᠯ ᠬᠥᠮᠥᠨ ᠤ ᠬᠡᠯᠡᠳᠡᠭ ︽ᠠᠮᠢᠳᠤ ᠶᠢᠨ ᠵᠢᠷᠭᠠᠯ︾ ᠭᠡᠳᠡᠭ ᠨᠢ ᠡᠷᠡᠭᠦᠯ ᠤᠨ ᠬᠦᠰᠡᠯ ᠶᠤᠮ᠃ ᠠᠮᠢᠳᠤ ᠶᠠᠪᠤᠪᠠᠯ ᠠᠷᠭ᠎ᠠ ᠨᠢ ᠣᠯᠳᠠᠨ᠎ᠠ᠃ ᠠᠮᠢᠳᠤ ᠶᠠᠪᠤᠭᠰᠠᠨ ᠬᠥᠮᠥᠨ ᠠᠯᠲᠠᠨ ᠠᠶᠠᠭᠠᠨ ᠠᠴᠠ ᠤᠰᠤ ᠤᠤᠭᠤᠨ᠎ᠠ᠃ ᠡᠷᠡᠭᠦᠯ ᠶᠠᠪᠤᠪᠠᠯ ᠡᠷᠳᠡᠨᠢ ᠴᠦ ᠣᠯᠣᠨ᠎ᠠ᠂ ᠰᠠᠷᠠᠭᠤᠯ ᠶᠠᠪᠤᠪᠠᠯ ᠰᠤᠪᠤᠳ ᠴᠦ ᠣᠯᠣᠨ᠎ᠠ ᠭᠡᠵᠤ ᠬᠡᠯᠡᠳᠡᠭ᠃   ᠡᠨᠡᠷᠢᠯ ᠤᠨ ᠬᠦᠰᠡᠯ   ᠮᠣᠩᠭᠤᠯ ᠬᠥᠮᠥᠨ ᠤ ᠰᠡᠳᠭᠢᠯᠭᠡᠨ ᠳᠤ ︽ᠰᠠᠶᠢᠨ ᠰᠠᠨᠠᠭ᠎ᠠ︾ ᠭᠡᠵᠤ ᠪᠠᠶᠢᠳᠠᠭ᠃ ᠡᠨᠡ ᠨᠢ ᠥᠷᠭᠡᠨ ᠣᠶᠢᠯᠠᠭᠠᠯᠲᠠ ᠪᠠ ᠬᠥᠮᠥᠨ ᠬᠥᠮᠥᠨ ᠳᠡᠭᠡᠨ ᠨᠥᠬᠦᠷ ᠪᠣᠯᠵᠤ ᠲᠡᠭᠦᠨ ᠢ ᠪᠠᠨ ᠡᠨᠡᠷᠢᠨ ᠬᠠᠶᠢᠷᠠᠯᠠᠬᠤ ᠨᠢᠭᠦᠯᠡᠰᠦᠩᠭᠦᠢ ᠰᠡᠳᠭᠢᠯ ᠢᠶᠠᠷ ᠡᠯᠪᠡᠷᠢᠬᠦ ᠤᠬᠠᠭᠠᠨ ᠶᠤᠮ᠃ ᠡᠯᠪᠡᠷᠢᠯ ᠡᠯᠢᠭᠡᠨ ᠳᠡᠭᠡᠨ ︽ᠰᠡᠳᠭᠢᠯ︾ ᠡᠨᠡᠷᠢᠭᠴᠢ ᠵᠢᠷᠦᠬᠡᠨ ᠳᠡᠭᠡᠨ ᠭᠡᠳᠡᠭ᠃   ᠡᠪ ᠡᠶ᠎ᠡ ᠶᠢᠨ ᠬᠦᠰᠡᠯ   ᠴᠢᠩᠭᠢᠰ ᠬᠠᠭᠠᠨ ᠤ ᠰᠤᠷᠭᠠᠯ ᠳᠤ ᠡᠷᠳᠡᠮ ᠤᠨ ᠳᠡᠭᠡᠳᠦ ᠡᠪ ᠬᠡᠮᠡᠭᠰᠡᠨ᠂ ᠡᠷᠳᠡᠮ ᠭᠡᠳᠡᠭ ᠨᠢ ᠵᠥᠪᠬᠡᠨ ᠨᠣᠮ ᠪᠢᠴᠢᠭ ᠢ ᠬᠡᠯᠡᠭᠰᠡᠨ ᠪᠢᠰᠢ᠂ ᠬᠥᠮᠥᠨ ᠤ ᠣᠶᠣᠨ ᠤᠬᠠᠭᠠᠨ ᠤ ᠳᠡᠭᠡᠳᠦ ᠴᠢᠨᠠᠷ ᠢ ᠬᠡᠯᠡᠵᠡᠢ᠃ ᠲᠡᠷᠡ ᠨᠢ ᠨᠡᠶᠢᠭᠡᠮ ᠤᠨ ᠦᠵᠡᠯ ᠰᠠᠨᠠᠭᠠᠨ ᠤ ᠡᠪ ᠡᠶ᠎ᠡ ᠪᠣᠯᠬᠤ ᠶᠢ ᠬᠡᠯᠡᠪᠡ᠃ ︽ᠡᠪ ᠢᠶᠠᠷ ᠪᠦᠲᠦᠭᠡᠵᠦ ᠡᠩᠬᠡ ᠪᠠᠷ ᠵᠢᠷᠭᠠᠨ᠎ᠠ᠂ ᠡᠪ ᠭᠡᠳᠡᠭ ᠬᠢᠵᠠᠭᠠᠷ ᠦᠭᠡᠢ᠂ ᠡᠷᠳᠡᠮ ᠭᠡᠳᠡᠭ ᠢᠷᠤᠭᠠᠷ ᠦᠭᠡᠢ᠂ ᠲᠥᠷᠥ ᠲᠦᠪᠰᠢᠨ ᠲᠦᠮᠡᠨ ᠠᠮᠤᠭᠤᠯᠠᠩ᠂ ᠡᠪᠯᠡᠭᠦᠯᠪᠡᠯ ᠡᠪᠡᠷ ᠲᠤᠭᠤᠷᠠᠢ ᠬᠤᠶᠠᠷ ᠴᠦ ᠨᠡᠶᠢᠯᠡᠨ᠎ᠡ᠂ ᠡᠪ ᠦᠭᠡᠢ ᠪᠣᠯ ᠡᠯᠢᠭᠡ ᠪᠥᠭᠡᠷ᠎ᠡ ᠬᠤᠶᠠᠷ ᠴᠦ ᠨᠡᠶᠢᠯᠡᠬᠦ ᠦᠭᠡᠢ︾ ᠭᠡᠳᠡᠭ᠃   ᠪᠤᠶᠠᠨ ᠤ ᠬᠦᠰᠡᠯ   ᠠᠮᠢᠳᠤᠷᠠᠬᠤᠢ ᠶᠢᠨ ᠶᠣᠰᠣᠨ ᠤ ᠨᠢᠭᠡ ᠵᠦᠢ ᠨᠢ ︽ᠪᠤᠶᠠᠨ︾ ᠭᠡᠵᠤ ᠮᠣᠩᠭᠤᠯ ᠬᠥᠮᠥᠨ ᠪᠢᠰᠢᠷᠡᠵᠦ ᠢᠷᠠᠵᠠᠢ᠃ ᠡᠨᠡ ᠪᠢᠰᠢᠷᠡᠯ ᠢᠶᠠᠷ ᠲᠥᠷᠥᠯᠬᠢ ᠶᠢᠨ ᠵᠠᠶᠠᠭ᠎ᠠ ᠪᠠᠷ ᠡᠳ᠋ᠯᠡᠬᠦ ᠵᠢᠷᠭᠠᠯ᠂ ᠡᠳ᠋ ᠮᠠᠯ ᠢ ᠪᠠᠶᠠᠵᠢᠭᠤᠯᠬᠤ ᠪᠤᠶᠠᠨ ᠭᠡᠵᠤ ᠦᠵᠡᠵᠦ ᠪᠠᠶᠢᠪᠠ᠃ ᠦᠷ᠎ᠡ ᠲᠠᠢ ᠬᠥᠮᠥᠨ ᠡᠪᠦᠷ ᠳᠦᠭᠦᠷᠡᠩ᠂ ᠦᠷ᠎ᠡ ᠦᠭᠡᠢ ᠬᠥᠮᠥᠨ ᠡᠮᠡᠭᠡᠯ ᠳᠦᠭᠦᠷᠡᠩ ᠭᠡᠳᠡᠭ᠃   ᠪᠠᠶᠠᠨ ᠤ ᠬᠦᠰᠡᠯ   ᠮᠣᠩᠭᠤᠯᠴᠤᠳ ᠵᠢᠷᠲᠢᠨᠴᠦ ᠶᠢᠨ ᠭᠤᠷᠪᠠᠨ ᠪᠠᠶᠠᠨ ᠢ ᠡᠷᠳᠡᠮ ᠨᠣᠮ ᠳᠡᠭᠡᠳᠦ ᠪᠠᠶᠠᠨ᠂ ᠦᠷ᠎ᠡ ᠬᠡᠦᠬᠡᠳ ᠳᠤᠮᠳᠠ ᠪᠠᠶᠠᠨ᠂ ᠡᠳ᠋ ᠬᠥᠷᠥᠩᠭᠡ ᠠᠳᠠᠭ ᠤᠨ ᠪᠠᠶᠠᠨ ᠭᠡᠵᠤ ᠬᠤᠪᠢᠶᠠᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号