ᠮᠠᠨ ᠤ ᠤᠷᠤᠨ ︽ᠮᠣᠩᠭᠤᠯ ᠦᠭᠡ ᠬᠡᠯᠡ ᠦᠰᠦᠭ ᠪᠢᠴᠢᠭ ᠤᠨ ᠲᠣᠮᠣ ᠳ᠋ᠠᠶᠢᠲ᠋ᠠ ᠶᠢᠨ ᠲᠠᠪᠴᠠᠩ ᠤᠨ ᠰᠤᠳᠤᠯᠭᠠᠨ ᠬᠢᠭᠡᠳ ᠪᠠᠶᠢᠭᠤᠯᠤᠯᠲᠠ︾ ᠶᠢᠨ ᠲᠥᠷᠥᠯ ᠵᠦᠢᠯ ᠢ ᠡᠬᠢᠯᠠᠬᠦᠯᠵᠡᠢ
ᠨᠡᠶᠢᠲᠡᠯᠡᠭᠰᠡᠨ ᠴᠠᠭ᠄
2024/10/14
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠤᠳᠤᠯᠭᠠᠨ ᠬᠡᠷᠡᠭᠯᠡᠭᠡᠨ ᠤ ᠲᠥᠪ ᠠᠴᠠ ︽ᠮᠣᠩᠭᠤᠯ ᠦᠭᠡ ᠬᠡᠯᠡ ᠥᠰᠥᠭ ᠪᠢᠴᠢᠭ ᠤᠨ ᠲᠣᠮᠣ ᠳ᠋ᠠᠶᠢᠲ᠋ᠠ ᠶᠢᠨ ᠲᠠᠪᠴᠠᠩ ᠤᠨ ᠰᠤᠳᠤᠯᠭᠠᠨ ᠬᠢᠭᠡᠳ ᠪᠠᠶᠢᠭᠤᠯᠤᠯᠲᠠ︾ ᠶᠢᠨ ᠲᠥᠷᠥᠯ ᠵᠦᠢᠯ ᠢ ᠡᠬᠢᠯᠡᠭᠦᠯᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠷᠥᠯ ᠵᠦᠢᠯ ᠤᠨ ᠶᠡᠷᠦᠩᠬᠡᠶ ᠬᠠᠷᠠᠯᠲᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠠᠬᠢᠴᠠ ᠶᠢᠨ ᠲᠣᠬᠢᠷᠠᠭᠤᠯᠤᠯᠲᠠ ᠪᠠ ᠵᠠᠷᠤᠳᠠᠯ ᠤᠨ ᠬᠠᠮᠢᠶᠠᠷᠤᠯᠲᠠ ᠵᠡᠷᠭᠡ ᠠᠵᠢᠯ ᠤᠨ ᠡᠭᠦᠷᠭᠡ ᠶᠢ ᠲᠣᠳᠣᠷᠬᠠᠶᠢᠯᠠᠵᠠᠢ᠃   ᠤᠢᠢᠯᠠᠭᠠᠭᠰᠠᠨ ᠢᠶᠠᠷ᠂ ︽ᠮᠣᠩᠭᠤᠯ ᠦᠭᠡ ᠬᠡᠯᠡ ᠥᠰᠥᠭ ᠪᠢᠴᠢᠭ ᠤᠨ ᠲᠣᠮᠣ ᠳ᠋ᠠᠶᠢᠲ᠋ᠠ ᠶᠢᠨ ᠲᠠᠪᠴᠠᠩ ᠤᠨ ᠰᠤᠳᠤᠯᠭᠠᠨ ᠬᠢᠭᠡᠳ ᠪᠠᠶᠢᠭᠤᠯᠤᠯᠲᠠ︾ ᠪᠣᠯ 2021 ᠣᠨ ᠤ ᠪᠥᠬᠦ ᠣᠷᠣᠨ ᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠶᠢᠨ ᠲᠥᠷᠥᠯ ᠵᠦᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠤᠳᠤᠯᠭᠠᠨ ᠬᠡᠷᠡᠭᠯᠡᠭᠡᠨ ᠤ ᠲᠥᠪ ᠪᠣᠯᠤᠨ ᠥᠪᠥᠷ ᠮᠣᠩᠭᠤᠯ ᠤᠨ ᠸᠠᠩ ᡁᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠬᠠᠮᠲᠤᠷᠠᠨ ᠭᠤᠶᠤᠴᠢᠯᠠᠨ ᠮᠡᠳᠡᠭᠦᠯᠦᠭᠰᠡᠨ ᠪᠥᠭᠡᠳ ᠵᠥᠪᠰᠢᠶᠡᠷᠡᠭᠳᠡᠵᠦ ᠲᠥᠷᠥᠯ ᠵᠦᠢᠯ ᠪᠣᠯᠵᠠᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠮᠣᠩᠭᠤᠯ ᠦᠭᠡ ᠬᠡᠯᠡ ᠥᠰᠥᠭ ᠪᠢᠴᠢᠭ ᠤᠨ ᠶᠡᠭᠡ ᠬᠡᠮᠵᠢᠶᠡᠨ ᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠲᠣᠮᠣ ᠳ᠋ᠠᠶᠢᠲ᠋ᠠ ᠶᠢᠨ ᠵᠠᠩᠭᠢᠯᠠᠭ᠎ᠠ ᠶᠢᠨ ᠦᠭᠡ ᠶᠢ ᠭᠠᠷᠭᠠᠨ ᠠᠪᠬᠤ ᠶᠢᠨ ᠬᠠᠮᠲᠤ ᠣᠶᠤᠨᠴᠢ ᠪᠠᠷ ᠵᠠᠳᠠᠯᠤᠨ ᠳᠡᠯᠭᠡᠨ ᠦᠵᠡᠭᠦᠯᠬᠦ ᠪᠠᠷ ᠳᠠᠮᠵᠢᠨ᠂ ᠮᠣᠩᠭᠤᠯ ᠦᠭᠡ ᠬᠡᠯᠡ ᠥᠰᠥᠭ ᠪᠢᠴᠢᠭ ᠢ ᠰᠤᠷᠴᠤ ᠬᠡᠷᠡᠭᠯᠡᠬᠦ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠪᠦᠷᠢᠯᠳᠦᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ︔ ᠮᠣᠩᠭᠤᠯ ᠬᠡᠯᠡᠨ ᠤ ᠮᠡᠳᠡᠭᠡ ᠵᠠᠩᠭᠢ ᠶᠢᠨ ᠬᠥᠳᠡᠯᠦᠩᠭᠦᠢ ᠴᠢᠳᠠᠪᠤᠷᠢ ᠶᠢ ᠴᠠᠭ ᠲᠤᠬᠠᠢ ᠳᠤᠨᠢ᠂ ᠪᠦᠬᠦ ᠲᠠᠯ᠎ᠠ ᠪᠠᠷ᠂ ᠪᠦᠲᠦᠮᠵᠢᠲᠡᠢ ᠡᠵᠡᠮᠰᠢᠵᠦ᠂ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠬᠦ᠂ ᠰᠤᠳᠤᠯᠤᠨ ᠮᠠᠭᠠᠳᠯᠠᠬᠤ᠂ ᠰᠢᠢᠳᠪᠦᠷᠢᠯᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号