ᠮᠠᠨ ᠤ ᠤᠷᠤᠨ ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ 1767.08 ᠲᠦᠮᠡᠨ ᠵᠢᠭᠤᠯᠴᠢᠯᠠᠭᠴᠢ ᠶᠢ ᠬᠦᠯᠢᠶᠡᠨ ᠠᠪᠴᠠᠢ
ᠨᠡᠶᠢᠲᠡᠯᠡᠭᠰᠡᠨ ᠴᠠᠭ᠄
2024/10/14
   ᠨᠠᠯᠠᠭᠠᠷ ᠨᠠᠮᠤᠷ ᠤᠨ ᠦᠪᠦᠷ ᠮᠤᠩᠭᠤᠯ ᠵᠦᠢᠯ ᠤᠨ ᠦᠩᠬᠡ ᠪᠠᠷ ᠴᠢᠮᠡᠭᠳᠡᠨ ᠲᠦᠷᠪᠡᠨ ᠵᠦᠭ ᠨᠠᠢᠮᠠᠨ ᠵᠤᠪᠬᠢᠰ ᠤᠨ ᠵᠢᠭᠤᠯᠴᠢᠯᠠᠭᠰᠠᠳ ᠤᠨ ᠬᠦᠰᠡᠯ ᠤᠨ ᠤᠷᠤᠨ ᠪᠤᠯᠵᠠᠢ᠃ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠰᠠᠶ᠋ᠢᠬᠠᠨ ᠦᠩᠬᠡᠷᠡᠭᠰᠡᠨ ᠤᠯᠤᠰ ᠤᠨ ᠪᠠᠶᠠᠷ ᠤᠨ ᠠᠮᠠᠷᠠᠯᠲᠠ ᠶᠢᠨ ᠡᠮᠦᠨ᠎ᠠ 6 ᠡᠳᠦᠷ ᠲᠤ ᠮᠠᠨ ᠤ ᠤᠷᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 1767.08 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠡᠷᠡᠭᠯᠡᠭᠡ 124.22 ᠳ᠋ᠦᠩᠰᠢᠭᠤᠷ ᠲᠥᠭᠦᠷᠢᠭ ᠲᠤ ᠬᠦᠷᠴᠠᠢ᠃   ᠤᠯᠤᠰ ᠤᠨ ᠪᠠᠶᠠᠷ ᠤᠨ ᠠᠮᠠᠷᠠᠯᠲᠠ ᠠᠴᠠ ᠡᠮᠦᠨᠡᠬᠡᠨ ᠮᠠᠨ ᠤ ᠤᠷᠤᠨ ︽ᠠᠶᠠᠯᠭᠤᠳᠤ ᠵᠢᠭᠤᠯᠴᠢᠯᠠᠯ ᠦᠪᠦᠷ ᠮᠤᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠨᠡᠶᠢᠲᠡᠯᠡᠨ᠂ ︽ᠨᠠᠯᠠᠭᠠᠷ ᠨᠠᠮᠤᠷ ᠤᠨ ᠤᠷᠢᠯᠭ᠎ᠠ︾ 20 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠭᠠᠷᠭᠠᠵᠤ᠂ ᠡᠯ᠎ᠡ ᠠᠶᠢᠮᠠᠭ ᠬᠤᠳᠠ ᠶᠢᠨ ᠬᠢᠨ ᠪᠠᠰᠠ ᠤᠯᠤᠰ ᠤᠨ ᠪᠠᠶᠠᠷ ᠤᠨ ᠠᠮᠠᠷᠠᠯᠳᠠ ᠳᠤ ᠵᠤᠷᠢᠭᠤᠯᠤᠨ 130 ᠵᠦᠢᠯ ᠤᠨ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠨ ᠦᠷᠨᠢᠬᠦᠯᠵᠠᠢ᠃ ᠰᠢᠶᠧ ᠴᠧᠩ ᠰᠦᠯᠵᠢᠶᠡᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ ᠥᠪᠥᠷ ᠮᠣᠩᠭᠤᠯ ᠤᠨ ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠨ᠂ ᠦᠵᠡᠮᠵᠢ ᠶᠢᠨ ᠤᠷᠤᠨ ᠤ ᠡᠭᠦᠳᠡᠨ ᠪᠢᠯᠧᠲ ᠤᠨ ᠵᠠᠬᠢᠶᠠᠯᠠᠭ᠎ᠠ ᠶᠢᠨ ᠬᠡᠮᠵᠢᠶ᠎ᠡ 23% ᠪᠠᠷ ᠨᠡᠮᠡᠭᠳᠡᠵᠦ᠂ ᠤᠷᠤᠨ ᠤ ᠭᠠᠳᠠᠨᠠᠬᠢ ᠵᠢᠭᠤᠯᠴᠢᠯᠠᠭᠴᠢ ᠶᠢᠨ ᠲᠤᠳᠤᠷ᠎ᠠ ᠪᠡᠭᠡᠵᠢᠩ᠂ ᠱᠠᠩᠬᠠᠶ᠂ ᠲᠢᠶᠠᠨᠵᠢᠨ᠂ ᠮᠦᠭᠳᠡᠨ᠂ ᠰᠢ ᠠᠨ ᠤ ᠵᠢᠭᠤᠯᠴᠢᠯᠠᠭᠴᠢ ᠤᠯᠠᠩᠬᠢ ᠲᠤᠭ᠎ᠠ ᠶᠢ ᠡᠵᠡᠯᠡᠪᠠ᠃   ᠤᠯᠤᠰ ᠤᠨ ᠪᠠᠶᠠᠷ ᠤᠨ ᠠᠮᠠᠷᠠᠯᠲᠠ ᠳᠤ ᠤᠯᠠᠭᠠᠨᠬᠠᠳᠠ ᠬᠤᠳᠠ ᠶᠢᠨ ᠬᠡᠰᠢᠭᠳᠡᠨ ᠬᠤᠰᠢᠭᠤ ᠬᠠᠯᠠᠭᠤᠨ ᠷᠠᠰᠢᠶᠠᠨ᠂ ᠬᠤᠩᠭᠤ ᠶᠢᠨ ᠳᠠᠪᠠᠭ᠎ᠠ᠂ ᠠᠰᠬᠠᠳᠦ ᠶᠢᠨ ᠴᠢᠯᠠᠭᠤᠨ ᠤᠢ᠂ ᠳᠠᠯᠠᠶᠢᠨᠠᠭᠤᠷ ᠵᠡᠷᠭᠡ ᠰᠤᠩᠭᠤᠳᠠᠭ ᠦᠵᠡᠮᠵᠢ ᠶᠢᠨ ᠴᠡᠭ ᠢ ᠪᠠᠭᠳᠠᠭᠠᠭᠰᠠᠨ ᠡᠳᠡᠭᠡᠳ ᠰᠠᠶᠢᠬᠠᠨ ᠨᠠᠮᠤᠷ ᠤᠨ ᠦᠩᠬᠡ ᠦᠵᠡᠮᠵᠢ ᠶᠢ ᠪᠦᠷᠢᠨ ᠬᠠᠷᠠᠭᠤᠯᠤᠭᠰᠠᠨ ᠵᠢᠭᠤᠯᠴᠢᠯᠠᠯ ᠤᠨ ᠵᠠᠮ ᠱᠤᠭᠤᠮ ᠢ ᠨᠡᠶᠢᠳᠡᠯᠡᠪᠠ︔ ᠤᠯᠠᠭᠠᠨᠬᠤᠳᠠ ︽ᠨᠢᠭᠡ ᠤᠷᠳᠤᠨ ᠭᠤᠷᠪᠠᠨ ᠪᠠᠭᠤᠷᠢ︾ ᠪᠠᠷ ᠭᠤᠤᠯ ᠪᠤᠯᠭᠠᠭᠰᠠᠨ ᠬᠤᠪᠢᠰᠬᠠᠯ ᠤᠨ ᠵᠢᠭᠤᠯᠴᠢᠯᠠᠯ ᠦᠷᠨᠢᠬᠦᠯᠵᠦ᠂ ᠦᠪᠦᠷ ᠮᠤᠩᠭᠤᠯ ᠤᠨ ᠬᠤᠪᠢᠰᠬᠠᠯ ᠤᠨ ᠤᠳᠤᠮᠰᠢᠯ ᠢ ᠰᠤᠶᠤᠯ ᠵᠢᠭᠤᠯᠴᠢᠯᠠᠯ ᠲᠠᠢ ᠡᠪᠯᠢᠭ ᠰᠠᠶᠢᠬᠠᠨ ᠠᠭᠤᠰᠤᠯᠴᠠᠭᠤᠯᠤᠨ ᠵᠢᠭᠤᠯᠴᠢᠯᠠᠭᠰᠠᠳ ᠤᠨ ᠰᠤᠨᠢᠷᠬᠠᠯ ᠢ ᠳᠠᠳᠠᠯ᠎ᠠ︔ ᠬᠥᠬᠡᠬᠤᠲᠠ ᠮᠣᠷᠢ ᠪᠠᠷ ᠭᠤᠣᠯ ᠰᠡᠳᠦᠪ ᠪᠤᠯᠭᠠᠨ 14 ᠲᠦᠷᠦᠯ ᠤᠨ ᠠᠵᠢᠯᠯᠠᠭ᠎ᠠ ᠦᠷᠨᠢᠬᠦᠯᠵᠤ᠂ ᠪᠤᠭᠤᠲᠤ ᠬᠤᠲᠠ ︽ᠪᠤᠭᠤᠲᠤ ᠶᠢᠨ ᠡᠷᠲᠡᠨ ᠤ ᠬᠤᠲᠠ ᠢᠢᠨ ᠲᠠᠯ᠎ᠠ ᠨᠤᠲᠤᠭ ᠤᠨ ᠨᠠᠭᠠᠳᠤᠮ︾ ᠵᠡᠷᠭᠡ 12 ᠲᠦᠷᠦᠯ ᠤᠨ ᠠᠵᠢᠯᠯᠠᠭ᠎ᠠ ᠶᠠᠪᠤᠭᠳᠠᠭᠤᠯᠪᠠ︔ ᠬᠥᠯᠥᠨ ᠪᠤᠶᠢᠷ ᠬᠤᠲᠠ ︽ᠠᠯᠲᠠᠨ ᠨᠠᠮᠤᠷ ᠤᠨ ᠠᠷᠪᠠᠨ ᠰᠠᠷ᠎ᠠ ᠮᠦᠷᠦᠭᠡᠳᠦᠯ ᠤᠨ ᠨᠤᠲᠤᠭ︾ ᠥᠪᠡᠰᠦᠪᠡᠨ ᠮᠠᠰᠢᠨ ᠲᠡᠷᠭᠡ ᠪᠠᠷᠢᠵᠤ ᠵᠢᠭᠤᠯᠴᠢᠯᠠᠬᠤ ᠠᠵᠢᠯᠯᠠᠭ᠎ᠠ ᠵᠡᠷᠭᠡ 6 ᠲᠦᠷᠦᠯ ᠤᠨ ᠠᠵᠢᠯᠯᠠᠭ᠎ᠠ ᠪᠠᠷ ᠦᠷᠬᠡᠨ ᠤᠯᠠᠨ ᠵᠢᠭᠤᠯᠴᠢᠯᠠᠭᠴᠢ ᠳᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠤᠨ ᠷᠢᠳᠢ ᠰᠢᠳᠢ ᠶᠢ ᠮᠡᠳᠡᠷᠡᠭᠦᠯᠵᠤ᠂ ᠲᠦᠩᠯᠢᠶᠣᠤ ᠬᠤᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ︾ ᠭᠠᠷᠭᠠᠨ ᠣᠯᠠᠨ ᠲᠦᠮᠡᠨ ᠳᠤ ᠪᠠᠶᠠᠷ ᠤᠨ ᠡᠳᠦᠷ ᠤᠨ ᠪᠠᠶᠠᠷ ᠪᠠᠶᠠᠰᠤᠯ ᠬᠦᠷᠭᠡᠬᠦ 10 ᠲᠦᠷᠦᠯ ᠤᠨ ᠠᠵᠢᠯᠯᠠᠭ᠎ᠠ ᠦᠷᠨᠢᠬᠦᠯᠪᠠ ᠁ ᠪᠦᠬᠦ ᠤᠷᠤᠨ ᠤ ᠡᠯ᠎ᠠ ᠭᠠᠵᠠᠷ ᠤᠨ ᠬᠢᠨ ᠡᠯᠪᠡᠭ ᠪᠠᠶᠠᠯᠢᠭ ᠤᠯᠠᠨ ᠶᠠᠩᠵᠦ ᠶᠢᠨ ᠰᠤᠶᠤᠯ ᠵᠢᠭᠤᠯᠴᠢᠯᠠᠯ ᠤᠨ ᠠᠵᠢᠯᠯᠠᠭ᠎ᠠ ᠪᠠᠷ ᠬᠦᠮᠦᠰ ᠤᠨ ᠤᠯᠤᠰ ᠤᠨ ᠪᠠᠶᠠᠷ ᠤᠨ ᠠᠮᠠᠷᠠᠯᠳᠠ ᠪᠠᠨ ᠪᠠᠶᠠᠷ ᠬᠦᠷ ᠲᠠᠢ ᠦᠩᠭᠡᠷᠡᠬᠦᠯᠬᠦ ᠳᠤ ᠬᠠᠨᠤᠮᠵᠢᠳᠠᠢ ᠰᠤᠩᠭᠤᠯᠳᠠ ᠬᠠᠩᠭᠠᠵᠦ᠂ ᠰᠢᠨ᠎ᠡ ᠰᠡᠪᠡᠬᠦᠨ ᠵᠢᠭᠤᠯᠴᠢᠯᠠᠯ ᠤᠨ ᠪᠦᠳᠦᠬᠡᠭᠳᠡᠬᠦᠨ ᠨᠢ ︽ᠬᠤᠭᠤᠯᠠ ᠬᠤᠨᠤᠭ᠂ ᠵᠤᠭ᠎ᠠ ᠴᠡᠩᠬᠡᠬᠦᠨ᠂ ᠪᠠᠷᠠᠭ᠎ᠠ ᠲᠠᠸᠠᠷ︾ ᠤᠨ ᠡᠯ᠎ᠡ ᠭᠤᠭᠴᠤᠭ᠎ᠠ ᠶᠢ ᠪᠦᠷᠢᠨ ᠬᠠᠮᠤᠷᠴᠦ᠂ ᠥᠪᠥᠷ ᠮᠣᠩᠭᠤᠯ ᠤᠨ ᠥᠪᠡᠷᠮᠢᠴᠡ ᠷᠢᠳᠢ ᠰᠢᠳᠢ ᠶᠢ ᠭᠠᠶᠢᠬᠠᠭᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号