ᠡᠯᠪᠡᠭ ᠬᠤᠷᠢᠶᠠᠯᠳᠠ ᠶᠢᠨ ᠪᠠᠶᠠᠷ ᠪᠠᠭ᠋ᠠᠳᠤᠯ ᠪᠢᠯᠬᠠᠭᠰᠠᠨ ᠠᠯᠲᠠᠨ ᠨᠠᠮᠤᠷ ᠤᠨ ᠵᠢᠰᠦᠨ ᠰᠠᠷ᠎ᠠ ᠳᠤ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠰᠤᠷᠭᠠᠭᠤᠯᠢ | ᠪᠠᠶᠢᠭᠤᠯᠤᠭᠳᠠᠭᠰᠠᠨ 70 ᠵᠢᠯ ᠤᠨ ᠣᠶ ᠪᠠᠨ ᠤᠭᠲᠤᠨ ᠠᠪᠴᠢᠷᠠᠯ᠎ᠠ᠃ ᠲᠦᠷᠦᠬᠦᠬᠡᠨ ᠬᠤᠷᠠᠯ ᠳᠤ ᠣᠷᠣᠯᠴᠠᠭᠰᠠᠨ | ᠬᠦᠨᠳᠦᠲᠦ ᠵᠣᠴᠢᠳ᠂ ᠥᠷᠭᠡᠨ ᠤᠯᠠᠨ ᠰᠤᠷᠭᠠᠭᠤᠯᠢ ᠶᠢᠨ ᠨᠠᠶᠢᠵᠢ᠂ ᠪᠠᠭᠰᠢ ᠰᠤᠷᠤᠭᠴᠢᠳ ᠤᠨ ᠲᠥᠯᠥᠭᠡᠯᠡᠭᠴᠢᠳ | ᠨᠢᠭᠡ ᠲᠠᠩᠬᠢᠮ ᠳᠤ ᠴᠤᠭᠯᠠᠷᠠᠵᠤ᠂ ᠡᠨᠡᠬᠦ ᠲᠡᠦᠬᠡᠲᠦ ᠴᠢᠨᠠᠷᠲᠠᠢ ᠪᠠᠶᠠᠷᠳᠤ ᠮᠦᠴᠡ ᠪᠠᠨ ᠬᠠᠮᠲᠤ ᠪᠠᠷ ᠳᠡᠮᠳᠡᠭᠯᠡᠪᠡ᠃ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠵᠠᠬᠢᠷᠤᠯ | ᠯᠢᠦ ᠰᠢᠦᠢ ᠼᠠᠢ ᠶᠢᠨ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ | ᠬᠠᠷᠢᠶᠠᠲᠤ ᠳᠤᠮᠳᠠᠳᠤ ᠰᠤᠷᠭᠠᠭᠤᠯᠢ ᠳᠤ ᠣᠳᠣᠬᠠᠨ ᠳᠤ ᠠᠩᠬ᠎ᠠ ᠳᠤᠮᠳᠠᠳᠤ᠂ ᠥᠨᠳᠥᠷ ᠳᠤᠮᠳᠠᠳᠤ ᠪᠠ ᠤᠯᠠᠨ | ᠤᠯᠤᠰ ᠤᠨ ᠬᠡᠯᠲᠡᠰ ᠬᠡᠬᠦ ᠭᠤᠷᠪᠠᠨ ᠬᠡᠯᠲᠡᠰ ᠪᠠᠶᠢᠵᠤ᠂ ᠬᠠᠮᠳᠤ ᠪᠠᠷ ᠰᠤᠷᠭᠠᠭᠤᠯᠢ ᠶᠢᠨ ᠴᠢᠨᠠᠭᠰᠢᠳᠠ ᠶᠢᠨ | ᠬᠥᠭᠵᠢᠯᠲᠡ ᠳᠤ ᠰᠠᠭᠤᠷᠢ ᠲᠠᠯᠪᠢᠵᠤ ᠥᠭᠴᠡᠢ᠃ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠲᠤᠷᠰᠢ᠂ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠣᠯᠣᠨ ᠮᠣᠩᠭᠤᠯ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠢᠶᠠᠷ ᠥᠪᠥᠷ ᠮᠣᠩᠭᠤᠯ ᠳᠤ ᠨᠡᠶᠢᠲᠡ 65000 ᠭᠠᠷᠤᠢ ᠰᠢᠯᠢᠳᠡᠭ ᠥᠨᠳᠥᠷ | ᠳᠤᠮᠳᠠᠳᠤ ᠲᠡᠭᠦᠰᠦᠭᠰᠡᠳ ᠢ ᠬᠥᠮᠥᠵᠢᠭᠦᠯᠵᠦ ᠥᠭᠴᠡᠢ᠃ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠯᠪᠠᠨ ᠭᠡᠷ ᠪᠣᠯᠣᠨ ᠰᠤᠷᠭᠠᠨ ᠬᠥᠮᠦᠵᠢᠯ ᠤᠨ ᠶᠠᠮᠤᠨ ᠤ ᠪᠠᠶᠢᠷᠢᠯᠠᠭᠤᠯᠤᠯᠲᠠ ᠶᠣᠰᠣᠭᠠᠷ ᠪᠠᠶᠢᠭᠤᠯᠤᠭᠰᠠᠨ ︽ᠬᠤᠩ | ᡁᠢ ᠠᠩᠭᠢ︾ ᠶᠢᠨ ︽985︾ ᠢᠨᠵᠧᠨᠧᠷᠢᠩ ᠤᠨ ᠶᠡᠭᠡ ᠳᠡᠬᠡᠳᠤ ᠰᠤᠷᠭᠠᠭᠤᠯᠢ ᠳᠤ ᠡᠯᠰᠡᠭᠳᠡᠭᠰᠡᠨ ᠨᠣᠷᠮ᠎ᠠ | 92% ᠠᠴᠠ ᠳᠡᠭᠡᠭᠰᠢ ᠳᠤ ᠬᠦᠷᠴᠡᠢ᠃ | ᠪᠡᠯᠬᠡᠯᠡᠬᠦ ᠶᠣᠰᠣᠯᠠᠯ ᠤᠨ ᠠᠬᠤᠢ ᠲᠠᠯᠠᠪᠠᠢ ᠳᠤ᠂ ᠰᠤᠷᠭᠠᠭᠤᠯᠢ ᠶᠢᠨ ᠨᠠᠶᠢᠵᠠ ᠨᠠᠷ ᠤᠨ ᠪᠡᠯᠡᠭᠯᠡᠨ ᠬᠠᠨᠳᠢᠪᠯᠠᠬᠤ | ᠶᠣᠰᠣᠯᠠᠯ ᠪᠣᠯᠣᠨ ᠬᠥᠬᠢᠭᠦᠯᠦᠨ ᠰᠠᠶᠢᠰᠢᠶᠠᠬᠤ ᠶᠣᠰᠣᠯᠠᠯ ᠬᠤᠶᠢᠨ᠎ᠠ ᠬᠤᠶᠢᠨ᠎ᠠ ᠠᠴᠠ ᠪᠠᠨ ᠶᠠᠪᠤᠭᠳᠠᠵᠤ᠂ | ᠰᠤᠷᠭᠠᠭᠤᠯᠢ ᠳᠤ ᠪᠠᠶᠢᠭ᠎ᠠ ᠰᠤᠷᠤᠭᠴᠢᠳ ᠣᠷᠭᠢᠯᠤᠮ᠎ᠠ ᠬᠠᠯᠠᠭᠤᠨ ᠰᠡᠳᠬᠢᠯᠬᠡ ᠪᠠᠷ ᠰᠤᠷᠭᠠᠭᠤᠯᠢ ᠶᠢᠨ ᠳᠠᠭᠤᠤ ᠪᠠᠨ | ᠲᠠᠭᠤᠯᠠᠵᠤ᠂ ᠡᠬᠡ ᠰᠤᠷᠭᠠᠭᠤᠯᠢ ᠳᠠᠭᠠᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠳᠡᠪᠰᠢᠭᠦᠯᠵᠦ ᠪᠠᠶᠢᠬᠤ ᠪᠠᠨ | ᠢᠯᠡᠳᠬᠡᠪᠡ᠃ | ᠠᠵᠢᠯᠯᠠᠭ᠎ᠠ ᠶᠢᠨ ᠲᠤᠬᠠᠢ ᠶᠢᠨ ᠡᠳᠦᠷ ᠪᠠᠰᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠰᠤᠷᠭᠠᠨ ᠬᠥᠮᠦᠵᠢᠯ ᠤᠨ ᠣᠷᠳᠣᠨ︾ ᠤ ᠫᠠᠶᠢᠰᠠ ᠡᠯᠬᠦᠬᠦ | ᠶᠣᠰᠣᠯᠠᠯ᠂ ᠰᠤᠷᠭᠠᠭᠤᠯᠢ ᠶᠢᠨ ᠨᠠᠶᠢᠵᠢ ᠨᠠᠷ ᠤᠨ ᠶᠠᠷᠢᠶ᠎ᠠ ᠢᠯᠡᠳᠭᠡᠯ᠂ ᠤᠷᠠᠨ ᠰᠠᠶᠢᠬᠠᠨ ᠤ ᠦᠳᠡᠰᠢᠯᠡᠭᠡ ᠵᠡᠷᠭᠡ ᠠᠯᠢ | ᠣᠯᠠᠨ ᠠᠵᠢᠯᠯᠠᠭ᠎ᠠ ᠶᠠᠪᠤᠭᠳᠠᠭᠰᠠᠨ ᠪᠠᠶᠢᠨ᠎ᠠ᠃ |