ᠬᠡᠦᠬᠡᠳ ᠤᠨ ᠬᠠᠷᠠᠭ᠎ᠠ ᠶᠢ ᠬᠠᠮᠠᠭᠠᠯᠠᠬᠤ ᠳᠤᠬᠠᠢ ᠲᠤᠰᠬᠠᠢ ᠮᠡᠷᠭᠡᠵᠢᠯᠲᠡᠳ ᠬᠠᠮᠲᠤ ᠪᠠᠷ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/10/14
   ᠲᠦᠷᠦᠬᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ᠪᠥᠬᠦ ᠤᠯᠤᠰ ᠤᠨ ᠵᠢᠰᠦᠳᠡᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠤᠷᠪᠠᠳᠤᠭᠠᠷ ᠤᠳᠠᠭᠠᠨ ᠤ ᠬᠠᠮᠲᠤ ᠶᠢᠨ ᠬᠢᠴᠢᠶᠡᠯ ᠪᠡᠯᠡᠳᠬᠡᠬᠦ ᠬᠤᠷᠠᠯ ᠬᠥᠬᠡᠬᠤᠲᠠ ᠳᠤ ᠶᠠᠪᠤᠭᠳᠠᠪᠠ᠃   ᠠᠵᠢᠯᠯᠠᠭ᠎ᠠ ᠳᠤ ᠤᠯᠤᠰ ᠤᠨ ᠨᠢᠳᠦᠨ ᠤ ᠬᠠᠷᠠᠭ᠎ᠠ ᠬᠡᠷᠡᠯ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ᠂ ᠰᠤᠷᠭᠠᠨ ᠬᠥᠮᠦᠵᠢᠯ ᠤᠨ ᠶᠠᠮᠤᠨ ᠤ ᠪᠥᠬᠦ ᠤᠯᠤᠰ ᠤᠨ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠠᠷᠤᠭ᠎ᠠ ᠴᠢᠦᠢ ᠵᠢᠶᠠ ᠵᠡᠷᠭᠡ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠣᠯᠠᠨ ᠲᠤᠰᠬᠠᠢ ᠮᠡᠷᠭᠡᠵᠢᠯᠲᠡᠨ ᠢ ᠤᠷᠢᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠡᠮᠴᠢᠯᠡᠭᠡ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠡᠷᠭᠡ ᠲᠠᠯ᠎ᠠ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠡᠷᠢᠭᠦᠨ ᠤ ᠲᠤᠷᠰᠢᠯᠭ᠎ᠠ ᠶᠢ ᠬᠤᠪᠢᠶᠠᠯᠴᠠᠪᠠ᠃ ᠥᠪᠡᠷᠲᠡᠭᠡᠨ ᠵᠠᠰᠠᠬᠤ ᠣᠷᠣᠨ ᠤ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠵᠢᠴᠢ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃   ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ 2021 ᠣᠨ ᠳᠤ ᠪᠠᠶᠢᠭᠤᠯᠤᠭᠳᠠᠵᠤ᠂ ᠪᠠᠶᠢᠭᠤᠯᠤᠭᠳᠠᠭᠰᠠᠨ ᠠᠴᠠ ᠨᠠᠭᠠᠰᠢ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠳᠤ ᠨᠡᠶᠢᠲᠡ 1121 ᠲᠠᠯᠠᠪᠠᠢ ᠤᠬᠠᠭᠤᠯᠤᠨ ᠲᠠᠶᠢᠯᠪᠤᠷᠢᠯᠠᠯᠳᠠ ᠬᠢᠭᠰᠡᠨ ᠪᠠᠶᠢᠨ᠎ᠠ᠃ ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠰᠤᠷᠭᠠᠨ ᠬᠥᠮᠦᠵᠢᠯ᠂ ᠡᠮ ᠡᠮᠨᠡᠯᠭᠡ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠠᠳᠠᠯᠢ ᠪᠤᠰᠤ ᠲᠠᠯ᠎ᠠ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠲᠤᠷᠰᠢᠯᠭ᠎ᠠ ᠪᠠᠨ ᠰᠣᠯᠢᠯᠴᠠᠨ ᠬᠤᠪᠢᠶᠠᠯᠴᠠᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠤᠨ ᠲᠠᠶᠢᠯᠪᠤᠷᠢᠯᠠᠬᠤ ᠰᠢᠨ᠎ᠡ ᠰᠡᠳᠬᠢᠴᠡ ᠪᠠᠨ ᠴᠢᠯᠦᠭᠡᠳᠡᠢ ᠶᠠᠷᠢᠯᠴᠠᠵᠠᠢ᠃   ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠨ ᠠᠳᠬᠤᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠬᠠᠷᠠᠯᠲᠠ ᠲᠠᠢ ᠪᠠᠷ ᠵᠠᠰᠠᠬᠤ ᠶᠢ ᠪᠠᠷᠢᠮᠲᠠᠯᠠᠨ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠣᠭᠰᠠᠨ ᠪᠠᠶᠢᠨ᠎ᠠ᠃ 2023 ᠣᠨ ᠳᠤ᠂ ᠪᠥᠬᠦ ᠣᠷᠣᠨ ᠤ ᠬᠡᠦᠬᠡᠳ ᠪᠠᠭᠠᠴᠤᠳ ᠤᠨ ᠶᠡᠷᠦᠩᠬᠡᠢ ᠣᠶᠢᠷ᠎ᠠ ᠬᠠᠷᠠᠭ᠎ᠠ ᠶᠢᠨ ᠨᠣᠷᠮ᠎ᠠ 53.99% ᠪᠠᠶᠢᠵᠤ᠂ 2022 ᠣᠨ ᠤ ᠬᠢ ᠠᠴᠠ 0.71 ᠵᠠᠭᠤᠨ ᠤ ᠨᠢᠭᠡᠴᠢ ᠪᠠᠭᠤᠷᠠᠪᠠ᠃ ᠲᠠᠷᠠᠭᠠᠴᠢ ᠪᠠᠷ᠂ ᠰᠤᠷᠭᠠᠨ ᠬᠥᠮᠦᠵᠢᠯ ᠤᠨ ᠲᠢᠩᠬᠢᠮ ᠠᠴᠠ ᠪᠠᠰᠠ ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠲᠤᠰᠬᠠᠢ ᠮᠡᠷᠭᠡᠵᠢᠯᠲᠡᠨ ᠬᠥᠲᠥᠯᠥᠨ ᠳᠠᠭᠠᠭᠤᠯᠬᠤ ᠂ ᠰᠤᠷᠭᠠᠭᠤᠯᠢ ᠰᠤᠷᠭᠠᠨ ᠬᠥᠮᠥᠵᠢᠭᠦᠯᠬᠦ᠂ ᠭᠡᠷ ᠪᠦᠯᠢ ᠪᠠᠷ ᠢᠶᠠᠨ ᠠᠩᠬᠠᠷᠬᠤ︾ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠥᠷᠥ ᠶᠢᠨ ᠪᠣᠳᠣᠯᠭ᠎ᠠ ᠶᠢ ᠳᠡᠯᠭᠡᠷᠡᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠬᠥᠮᠥᠵᠢᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠡᠦᠬᠡᠳ ᠪᠠᠭᠠᠴᠤᠳ ᠤᠨ ᠬᠠᠷᠠᠭᠠᠨ ᠤ ᠡᠷᠡᠭᠦᠯ ᠮᠡᠨᠳᠦ ᠶᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号