ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠬᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠰᠠᠨ ᠭᠠᠳᠠᠭᠠᠳᠤ ᠶᠢᠨ ᠵᠣᠴᠢᠳ ᠲᠠᠢ ᠠᠭᠤᠯᠵᠠᠬᠤ ᠦᠶ᠎ᠡ ᠶᠢᠨ ᠶᠠᠷᠢᠶ᠎ᠠ
ᠨᠡᠶᠢᠲᠡᠯᠡᠭᠰᠡᠨ ᠴᠠᠭ᠄
2024/10/14
       ︵2024 ᠣᠨ ᠤ 10 ᠰᠠᠷ᠎ᠠ ᠶᠢᠨ 11 ᠤ ᠡᠳᠦᠷ᠂ ᠪᠡᠭᠡᠵᠢᠩ ᠳᠤ︶   ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩᠡᠩ ᠲᠡᠷᠢᠭᠦᠨ ᠳᠤ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠨᠠᠶᠢᠵᠠ ᠨᠠᠷ ᠤᠨ ᠳᠤᠮᠳᠠᠳᠤ ᠤᠯᠤᠰ ᠲᠤ ᠢᠷᠡᠵᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠬᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠰᠠᠨ ᠳᠤ ᠴᠢᠩ ᠰᠡᠳᠭᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ︕ ᠡᠨᠡ ᠡᠳᠦᠷ ᠪᠣᠯ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠲᠤᠷᠠᠰᠬᠠᠯ ᠤᠨ ᠡᠳᠦᠷ ᠪᠤᠯᠬᠤ ᠦᠲᠡᠭᠦᠰ ᠤᠨ ᠪᠠᠶᠠᠷ ᠪᠤᠯᠤᠨ᠎ᠠ᠃ ᠡᠨᠡ ᠪᠣᠯ ᠨᠠᠰᠤᠲᠠᠨ ᠢᠶᠠᠨ ᠬᠦᠨᠳᠦᠳᠭᠡᠬᠦ ᠪᠠ ᠭᠡᠷ ᠬᠤᠲᠠᠯᠠᠭᠠᠷ ᠢᠶᠠᠨ ᠴᠤᠭᠯᠠᠷᠠᠬᠤ ᠶᠢ ᠪᠡᠯᠭᠡᠳᠡᠭᠰᠡᠨ ᠪᠠᠶᠠᠷ ᠤᠨ ᠡᠳᠦᠷ ᠪᠤᠯᠤᠨ᠎ᠠ᠃ ᠣᠯᠠᠨ ᠲᠠᠢ ᠨᠢᠭᠡ ᠲᠠᠩᠬᠢᠮ ᠳᠤ ᠴᠤᠭᠯᠠᠷᠠᠵᠤ᠂ ᠨᠥᠬᠦᠷᠯᠡᠯ ᠤᠨ ᠲᠤᠬᠠᠢ ᠶᠠᠷᠢᠯᠴᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃   ᠤᠯᠤᠰ ᠤᠨ ᠬᠤᠭᠤᠷᠣᠨᠳᠣᠬᠢ ᠬᠠᠷᠢᠯᠴᠠᠭ᠎ᠠ ᠨᠢ ᠠᠷᠠᠳ ᠤᠨ ᠬᠤᠭᠤᠷᠤᠨᠳᠤᠬᠢ ᠳᠣᠲᠣᠨᠣ ᠬᠠᠷᠢᠯᠴᠠᠭ᠎ᠠ ᠳᠤ ᠪᠠᠶᠢᠳᠠᠭ᠃ ᠠᠷᠠᠳ ᠲᠦᠮᠡᠨ ᠨᠥᠬᠦᠷᠰᠡᠭ ᠪᠠᠶᠢᠬᠤ ᠨᠢ ᠤᠯᠠᠨ ᠤᠯᠤᠰ ᠤᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢᠨ ᠰᠠᠭᠤᠷᠢ ᠮᠥᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠶᠢᠨ ᠳᠠᠭᠤᠰᠤᠰᠢ ᠦᠭᠡᠢ ᠬᠥᠳᠡᠯᠭᠡᠭᠴᠢ ᠬᠦᠴᠦᠨ ᠮᠥᠨ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢᠨ ᠦᠨᠳᠦᠰᠦᠨ ᠤᠷᠢᠲᠠᠯ ᠮᠥᠨ᠃ ᠠᠳᠡ ᠰᠠᠭᠤᠵᠤ ᠪᠠᠶᠢᠭ᠎ᠠ ᠲᠠ ᠪᠦᠬᠦᠨ ᠤᠷᠳᠤ ᠬᠤᠭᠤᠴᠠᠭ᠎ᠠ ᠪᠠᠷ ᠳᠤᠮᠳᠠᠳᠤ ᠤᠯᠤᠰ ᠯᠤᠭ᠎ᠠ ᠨᠥᠬᠦᠷᠰᠡᠭ ᠦᠢᠯᠡᠰ ᠤᠨ ᠲᠥᠯᠥᠭᠡ ᠴᠢᠷᠮᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠨᠠᠶᠢᠵᠠ᠂ ᠬᠠᠭᠤᠴᠢᠨ ᠨᠠᠶᠢᠵᠠ ᠪᠤᠯᠤᠬᠰᠠᠨ ᠶᠤᠮ᠃ ᠤᠯᠠᠨ ᠢᠶᠠᠷ ᠢᠶᠠᠨ ᠲᠦᠮᠡᠨ ᠭᠠᠵᠠᠷ ᠤᠨ ᠬᠤᠯᠠ ᠠᠴᠠ ᠠᠭᠤᠯᠠ ᠤᠰᠤ ᠶᠢ ᠳᠠᠪᠠᠵᠤ ᠠᠳᠡ ᠢᠷᠡᠭᠰᠡᠨ ᠨᠢ ᠴᠥᠮ ᠨᠥᠬᠦᠷᠯᠡᠯ ᠭᠡᠬᠦ ᠡᠨᠡ ᠬᠦ ᠲᠤᠮᠤ ᠶᠠᠪᠤᠳᠠᠯ ᠤᠨ ᠲᠦᠯᠦᠭᠡ ᠶᠤᠮ᠂ ᠴᠥᠮ ᠠᠷᠠᠳ ᠲᠦᠮᠡᠨ ᠤ ᠨᠥᠬᠦᠷᠯᠡᠯ ᠤᠨ ᠠᠭᠤᠤ ᠶᠡᠭᠡ ᠦᠢᠯᠡᠰ ᠤᠨ ᠲᠥᠯᠥᠭᠡ ᠶᠤᠮ᠂ ᠡᠭᠦᠨ ᠢ ᠪᠢ ᠳᠡᠭᠡᠳᠦ ᠬᠡᠮᠵᠶ᠊ ᠡᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ᠣᠳᠣᠬᠠᠨ ᠤ ᠳᠡᠯᠡᠬᠡᠢ ᠵᠢᠷᠲᠢᠨᠴᠦ ᠲᠡᠦᠬᠡ ᠶᠢᠨ ᠲᠣᠨᠣᠯᠵᠢᠨ ᠵᠠᠮ ᠳᠤ ᠲᠠᠬᠢᠨᠲᠠ ᠵᠣᠭᠰᠣᠪᠠ᠃ ︽ᠶᠠᠮᠠᠷ ᠶᠠᠩᠵᠤ ᠶᠢᠨ ᠳᠡᠯᠡᠬᠡᠢ ᠵᠢᠷᠲᠢᠨᠴᠦ ᠶᠢ ᠪᠠᠶᠢᠭᠤᠯᠬᠤ᠂ ᠡᠨᠡ ᠬᠦ ᠳᠡᠯᠡᠬᠡᠢ ᠵᠢᠷᠲᠢᠨᠴᠦ ᠶᠢ ᠬᠡᠷᠬᠢᠨ ᠪᠠᠶᠢᠭᠤᠯᠬᠤ︾ ᠡᠨᠡ ᠬᠦ ᠴᠠᠭ ᠦᠶ᠎ᠡ ᠶᠢᠨ ᠰᠡᠳᠦᠪ ᠤᠨ ᠡᠮᠦᠨ᠎ᠡ᠂ ᠪᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠭᠡᠬᠦ ᠳᠤᠮᠳᠠᠳᠤ ᠤᠯᠤᠰ ᠤᠨ ᠬᠠᠷᠢᠭᠤᠯᠲᠠ ᠶᠢ ᠳᠤᠷᠠᠳᠪᠠ᠃ ᠵᠠᠭᠤᠨ ᠵᠢᠯ ᠤᠨ ᠬᠤᠪᠢᠰᠤᠯᠲᠠ ᠶᠢᠨ ᠳᠣᠣᠷ᠎ᠠ᠂ ᠪᠦᠬᠦ ᠪᠥᠮᠪᠥᠷᠴᠡᠭ ᠢᠶᠠᠷ ᠢᠶᠠᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠥᠮᠦᠨ ᠲᠥᠷᠥᠯᠬᠢᠲᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠳᠡᠯᠡᠬᠡᠢ ᠳ᠋ᠠᠬᠢᠨ ᠬᠡᠷᠬᠢᠨ ᠬᠦᠭᠵᠢᠭᠦ ᠬᠡᠳᠡᠭ ᠨᠢ ᠡᠯ᠎ᠡ ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠰᠢᠢᠳᠪᠦᠷᠢᠯᠡᠭᠳᠡᠨ᠎ᠡ᠃   ᠨᠢᠭᠡᠨ ᠭᠠᠳᠠᠭᠠᠳᠤ ᠶᠢᠨ ᠨᠠᠶᠢᠵᠠ ᠨᠠᠳᠠ ᠳᠤ᠄ ︽ᠨᠥᠬᠦᠷᠯᠡᠯ ᠪᠣᠯ ᠶᠡᠭᠡ ᠶᠠᠪᠤᠳᠠᠯ᠂ ᠨᠥᠬᠦᠷᠯᠡᠯ ᠲᠠᠢ ᠵᠢᠷᠲᠢᠨᠴᠦ ᠪᠣᠯ ᠰᠠᠶ᠋ᠢ ᠡᠩᠬᠡ ᠲᠠᠶᠢᠪᠤᠩ ᠵᠢᠷᠲᠢᠨᠴᠦ ᠪᠣᠯᠤᠨ᠎ᠠ︾ ᠭᠡᠵᠦ ᠬᠡᠯᠡᠵᠦ ᠦᠩᠭᠡᠷᠡᠪᠡ᠃ ᠠᠷᠠᠳ ᠲᠦᠮᠡᠨ ᠤ ᠨᠥᠬᠦᠷᠯᠡᠯ ᠤᠨ ᠤᠷᠤᠰᠬᠠᠯ ᠨᠢ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠ᠃   ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠃ ᠠᠷᠪᠠᠨ ᠬᠡᠳᠦᠨ ᠡᠳᠦᠷ ᠤᠨ ᠡᠮᠦᠨ᠎ᠡ᠂ ᠪᠢᠳᠡ ᠰᠠᠶ᠋ᠢᠬᠠᠨ ᠦᠪᠡᠳᠡᠭᠰᠢ ᠶᠡᠭᠡ ᠪᠡᠯᠭᠡᠯᠡᠬᠦ ᠠᠵᠢᠯᠯᠠᠭ᠎ᠠ ᠦᠷᠨᠢᠬᠦᠯᠪᠡ᠃ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠪᠡ᠃ ᠤᠷᠳᠤ ᠬᠤᠭᠤᠴᠠᠭᠠᠨ ᠤ ᠲᠡᠮᠡᠴᠡᠯ ᠢᠶᠠᠷ ᠲᠡᠮᠵᠢᠨ᠂ ᠪᠢᠳᠡ ᠳᠤᠮᠳᠠᠳᠤ ᠶᠢᠨ ᠡᠭᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠦ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠬᠦ ᠣᠳᠣᠬᠢᠴᠢᠯᠠᠯᠲᠠ ᠶᠢᠨ ᠵᠠᠮ ᠢᠶᠠᠷ ᠵᠠᠮᠨᠠᠭᠰᠠᠨ ᠶᠤᠮ᠃   ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠣᠯᠤᠭᠰᠠᠨ ᠡᠯ᠎ᠡ ᠲᠠᠯ᠎ᠠ ᠶᠢᠨ ᠠᠮᠵᠢᠯᠲᠠ ᠪᠦᠲᠦᠮᠵᠢ ᠴᠥᠮ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠨᠢᠭᠡ ᠪᠦᠯᠦᠭ ᠤᠯᠠᠨ ᠤᠯᠤᠰ ᠤᠨ ᠨᠥᠬᠦᠷᠰᠡᠭ ᠬᠥᠮᠦᠰ ᠠᠯᠤᠰ ᠬᠤᠯᠠ ᠠᠴᠠ ᠳᠤᠮᠳᠠᠳᠤ ᠤᠯᠤᠰ ᠲᠤ ᠢᠷᠡᠵᠤ᠂ ᠳᠤᠮᠳᠠᠳᠤ ᠤᠯᠤᠰ ᠤᠨ ᠠᠷᠠᠳ ᠲᠦᠮᠡᠨ ᠲᠠᠢ ᠰᠠᠯᠬᠢ ᠪᠤᠷᠤᠭᠠᠨ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ ᠮᠠᠰᠢ ᠤᠯᠠᠨ ᠭᠠᠳᠠᠭᠠᠳᠤ ᠶᠢᠨ ᠠᠵᠤ ᠠᠬᠤᠶᠢᠯᠠᠯ᠂ ᠪᠠᠶᠢᠭᠤᠯᠤᠮᠵᠢ᠂ ᠬᠤᠪᠢ ᠬᠥᠮᠦᠨ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠳᠠ ᠢᠶᠠᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠲᠠᠯ᠎ᠠ ᠶᠢᠨ ᠬᠢᠨ ᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠤᠮᠳᠠᠳᠤ ᠭᠠᠳᠠᠭᠠᠳᠤ ᠶᠢᠨ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠡᠳᠡᠨ ᠤ ᠳᠤᠮᠳᠠᠳᠤ ᠤᠯᠤᠰ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠴᠢᠩ ᠦᠨᠡᠨᠴᠢ ᠨᠥᠬᠦᠷᠯᠡᠯ ᠢ ᠪᠢᠳᠡ ᠢᠮᠠᠭᠲᠠ ᠪᠠᠲᠤ ᠴᠡᠭᠡᠵᠢᠯᠡᠨ᠎ᠡ᠃   ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠭᠡᠳᠦᠢ ᠪᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠨᠥᠬᠦᠷᠰᠡᠭ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠭᠠᠳᠠᠭᠠᠳᠤ ᠬᠠᠷᠢᠯᠴᠠᠭᠠᠨ ᠤ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠭᠠᠷ ᠬᠤᠯᠪᠣᠯᠴᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃   ᠨᠢᠭᠡ ᠳᠤ᠂ ︽ᠪᠦᠬᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ︾ ᠵᠣᠷᠢᠭ ᠰᠠᠨᠠᠭ᠎ᠠ ᠪᠠᠷ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠶ᠎ᠠ᠃ ᠡᠯ᠎ᠡ ᠤᠯᠤᠰ ᠤᠨ ᠠᠷᠠᠳ ᠲᠦᠮᠡᠨ ᠨᠢᠭᠡ ᠳᠡᠯᠡᠬᠡᠢ ᠶᠢᠨ ᠪᠥᠮᠪᠥᠷᠴᠡᠭ ᠳᠡᠭᠡᠷ᠎ᠡ ᠠᠮᠢᠳᠤᠷᠠᠵᠤ᠂ ᠨᠢᠭᠡ ᠭᠡᠷ ᠤᠨ ᠬᠥᠮᠦᠨ ᠮᠥᠨ᠂ ᠦᠢᠮᠡᠭᠡᠨ ᠳᠡᠪᠵᠢᠶᠠᠨ ᠲᠠᠢ ᠳᠡᠯᠡᠬᠡᠢ ᠶᠢᠨ ᠪᠠᠶᠢᠳᠠᠯ ᠪᠣᠯᠤᠨ ᠲᠠᠰᠤᠷᠠᠯᠳᠠ ᠦᠭᠡᠢ ᠭᠠᠷᠴᠤ ᠪᠠᠶᠢᠭ᠎ᠠ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠪᠦᠯᠬᠦᠮᠳᠡᠨ ᠠᠷᠭᠠᠴᠠᠭᠠᠪᠠᠯ ᠵᠣᠬᠢᠨ᠎ᠠ᠃ ᠳᠤᠮᠳᠠᠳᠤ ᠤᠯᠤᠰ ᠤᠨ ᠡᠷᠲᠡᠨ ᠤ ᠬᠥᠮᠦᠰ ︽ᠬᠠᠳᠠᠭᠤ ᠪᠡᠷᠭᠡᠰᠢᠶᠡᠯ ᠢ ᠬᠠᠮᠳᠤ ᠪᠠᠷ ᠲᠤᠭᠤᠯᠤᠨ᠎ᠠ︾ ᠬᠡᠵᠦ ᠭᠡᠯᠴᠡᠳᠡᠭ᠂ ᠤᠳᠤ ᠳᠡᠯᠡᠬᠡᠢ ᠨᠡᠶᠢᠭᠡᠮ ᠢᠶᠠᠷ ᠢᠶᠠᠨ ︽ᠪᠦᠬᠦ ᠲᠡᠯᠡᠭᠡᠢ ᠪᠠᠷ ᠢᠶᠠᠨ ᠬᠠᠷᠢᠯᠴᠠᠨ ᠲᠤᠰᠠᠯᠠᠯᠴᠠᠬᠤ︾ ᠴᠢᠬᠤᠯᠠᠳᠠᠢ ᠪᠤᠯᠪᠠ᠃ ᠬᠥᠮᠦᠨ ᠲᠥᠷᠥᠯᠬᠢᠲᠡᠨ ᠤ ᠬᠥᠭᠵᠢᠯᠲᠡ ᠳᠠᠪᠰᠢᠯᠲᠠ ᠶᠢᠨ ᠶᠡᠭᠡ ᠴᠢᠭᠯᠡᠯ ᠬᠤᠪᠢᠷᠠᠬᠤ ᠦᠭᠡᠢ᠂ ᠳᠡᠯᠡᠬᠡᠢ ᠶᠢᠨ ᠲᠡᠦᠬᠡ ᠲᠦᠪᠡᠭ ᠪᠤᠳᠤᠯᠢᠶᠠᠨᠳᠠᠢ ᠤᠷᠤᠭᠰᠢᠯᠠᠬᠤ ᠶᠡᠭᠡ ᠯᠣᠭᠢᠭ ᠬᠤᠪᠢᠷᠠᠬᠤ ᠦᠭᠡᠢ᠂ ᠳᠡᠯᠡᠬᠡᠢ ᠨᠡᠶᠢᠭᠡᠮ ᠤᠨ ᠬᠤᠪᠢ ᠵᠠᠶᠠᠭ᠎ᠠ ᠪᠠᠨ ᠬᠠᠮᠲᠤᠳᠬᠠᠬᠤ ᠶᠡᠭᠡ ᠬᠠᠨᠳᠤᠰᠢ ᠬᠤᠪᠢᠷᠠᠬᠤ ᠦᠭᠡᠢ ᠭᠡᠳᠡᠭ ᠢ ᠳᠤᠮᠳᠠᠳᠤ ᠤᠯᠤᠰ ᠢᠮᠠᠭᠲᠠ ᠪᠠᠲᠤ ᠢᠲᠡᠭᠡᠨ᠎ᠠ ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠪᠦᠬᠦᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠢᠲᠡᠭᠡᠯ ᠪᠢᠰᠢᠷᠡᠯ᠂ ᠠᠳᠠᠯᠢ ᠪᠤᠰᠤ ᠰᠣᠶᠣᠯ᠂ ᠠᠳᠠᠯᠢ ᠪᠤᠰᠤ ᠣᠷᠣᠨ ᠪᠦᠰᠡ ᠶᠢᠨ ᠠᠷᠠᠳ ᠲᠦᠮᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠮᠠᠨ ᠤ ᠬᠠᠮᠲᠤ ᠪᠠᠷ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠢᠶᠠᠨ ᠡᠩᠬᠡ ᠲᠠᠶᠢᠪᠤᠩ᠂ ᠡᠪ ᠨᠠᠶᠢᠷᠠᠮᠳᠠᠭᠤ᠂ ᠡᠶ᠎ᠡ ᠵᠣᠬᠢᠴᠠᠯ ᠲᠠᠢ ᠳᠤᠮᠤ ᠭᠡᠷ ᠪᠦᠯᠢ ᠪᠣᠯᠭᠠᠨ ᠪᠦᠳᠦᠭᠡᠨ ᠪᠠᠶᠢᠭᠤᠯᠤᠶ᠎ᠠ᠃   ᠬᠤᠶᠠᠷ ᠲᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠣᠶᠢᠯᠠᠭᠠᠭᠳᠠᠬᠤᠨ ᠢᠶᠠᠷ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠶ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ ᠪᠠᠰᠠ ᠴᠤ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ ᠮᠥᠨ᠃ ᠪᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠵᠡᠷᠭᠡ ᠶᠢ ᠳᠤᠷᠠᠳᠤᠭᠰᠠᠨ ᠨᠢ ᠨᠡᠩ ᠰᠠᠶᠢᠨ ᠰᠠᠶᠢᠬᠠᠨ ᠳᠡᠯᠡᠬᠡᠢ ᠵᠢᠷᠲᠢᠨᠴᠦ ᠶᠢ ᠪᠠᠶᠢᠭᠤᠯᠬᠤ ᠶᠢ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠭᠦᠳᠴᠦ ᠥᠭᠬᠦ ᠶᠢᠨ ᠲᠥᠯᠥᠭᠡ ᠶᠤᠮ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠳᠤᠷᠠᠳᠤᠭᠰᠠᠨ 10 ᠭᠠᠷᠤᠢ ᠵᠢᠯ ᠤᠨ ᠦᠢᠯᠡᠳᠦᠯᠭᠡ ᠨᠢ ᠮᠠᠰᠢ ᠤᠯᠠᠨ ᠰᠡᠩᠬᠡᠷᠡᠭᠦᠯᠦᠯ ᠢ ᠠᠪᠴᠢᠷᠠᠵᠠᠢ᠂ ᠡᠭᠦᠨ ᠤ ᠳᠤᠳᠤᠷ᠎ᠠ ᠴᠢᠬᠤᠯᠠ ᠨᠢᠭᠡ ᠵᠦᠢᠯ ᠭᠡᠪᠡᠯ᠂ ᠭᠠᠭᠴᠠ ᠬᠦ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠪᠡᠯ ᠰᠠᠶ᠋ᠢ ᠤᠴᠢᠷ ᠶᠠᠪᠤᠳᠠᠯ ᠢ ᠪᠦᠲᠦᠭᠡᠵᠦ᠂ ᠶᠠᠪᠤᠳᠠᠯ ᠢ ᠰᠠᠶᠢᠳᠤᠷ ᠪᠦᠲᠦᠭᠡᠵᠦ᠂ ᠶᠡᠭᠡ ᠶᠠᠪᠤᠳᠠᠯ ᠢ ᠪᠦᠲᠦᠭᠡᠵᠦ ᠴᠢᠳᠠᠨ᠎ᠠ᠃ ᠳᠤᠮᠳᠠᠳᠤ ‍ᠤᠮᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠶᠢ ᠬᠥᠭᠡᠭᠡᠴᠡᠯᠳᠦᠬᠦ ᠦᠭᠡᠶ ᠶᠤᠮ᠂ ᠨᠡᠩ ᠣᠯᠠᠨ ᠭᠠᠳᠠᠭᠠᠳᠤ ᠶᠢᠨ ᠨᠠᠶᠢᠵᠠ ᠨᠠᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠬᠠᠮᠲᠤᠷᠠᠨ ᠠᠵᠢᠯᠯᠠᠵᠦ ᠬᠠᠮᠲᠤ ᠪᠠᠷ ᠠᠰᠢᠭ ᠬᠦᠷᠳᠡᠬᠦ ᠣᠶᠢᠯᠠᠭᠠᠭᠳᠠᠬᠤᠨ ᠢᠶᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠬᠢᠶᠠᠯ ᠬᠠᠩᠭᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠴᠢᠷᠮᠠᠶᠢᠨ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃   ᠭᠤᠷᠪᠠ ᠳᠤ᠂ ᠨᠡᠭᠡᠭᠡᠯᠲᠡᠲᠡᠢ ᠪᠠᠭᠲᠠᠭᠠᠮᠵᠢᠲᠠᠢ ᠭᠡᠬᠦᠳᠡᠭ ᠴᠡᠭᠡᠵᠢ ᠪᠠᠷ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠣᠯᠪᠠᠰᠤᠨ ᠤ ᠬᠠᠭᠤᠳᠠᠰᠤ ᠶᠢ ᠵᠢᠷᠤᠭᠯᠠᠶ᠎ᠠ᠃ ︽ᠲᠦᠮᠡᠨ ᠪᠤᠳᠠᠰ ᠬᠠᠮᠳᠤ ᠪᠠᠷ ᠪᠤᠶᠢᠵᠢᠬᠤᠢ ᠳᠤᠷ ᠨᠢᠭᠡᠨ ᠨᠢᠭᠡᠨ ᠢᠶᠠᠨ ᠦᠯᠦ ᠬᠤᠬᠢᠷᠠᠭᠤᠯᠤᠮᠤᠢ︔ ᠶᠣᠰᠣ ᠰᠤᠷᠲᠠᠬᠤᠨ ᠵᠡᠷᠭᠡ ᠪᠠᠷ ᠤᠷᠤᠰᠢᠬᠤᠢ ᠳᠤᠷ ᠬᠠᠷᠢᠯᠴᠠᠨ ᠦᠯᠦ ᠬᠠᠷᠰᠢᠯᠳᠤᠮᠤᠢ︾᠃ ᠡᠶ᠎ᠡ ᠲᠠᠢ ᠠᠳᠠᠯ᠎ᠠ ᠠᠳᠠᠯᠢ ᠪᠤᠰᠤ ᠪᠠᠶᠢᠳᠠᠭ ᠨᠢ ᠠᠯᠢᠪᠠ ᠬᠡᠷᠡᠭ ᠪᠣᠳᠠᠰ ᠤᠨ ᠡᠭᠦᠰᠴᠦ ᠬᠥᠭᠵᠢᠬᠦ ᠵᠢᠮ᠎ᠡ ᠶᠣᠰᠣ ᠮᠥᠨ᠂ ᠪᠠᠰᠠ ᠴᠤ ᠬᠥᠮᠦᠨ ᠲᠥᠷᠥᠯᠬᠢᠲᠡᠨ ᠤ ᠪᠣᠯᠪᠠᠰᠤᠨ ᠤ ᠤᠯᠠᠮᠵᠢᠯᠠᠭᠳᠠᠨ ᠬᠥᠭᠵᠢᠬᠦ ᠶᠢᠨ ᠵᠢᠮ᠎ᠡ ᠶᠣᠰᠣ ᠮᠥᠨ᠃ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠪᠣᠯ ᠪᠣᠯᠪᠠᠰᠤᠨ ᠤ ᠬᠥᠭᠵᠢᠯᠲᠡ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠮᠦᠨ ᠴᠤ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠪᠠ ᠳᠡᠯᠡᠬᠡᠶ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠳᠤᠮᠳᠠᠳᠤ ᠶᠢᠨ ᠪᠣᠯᠪᠠᠰᠤᠨ ᠪᠣᠯ ᠪᠤᠰᠤᠳ ᠪᠣᠯᠪᠠᠰᠤᠨ ᠲᠠᠢ ᠲᠠᠰᠤᠷᠠᠯᠳᠠ ᠦᠭᠡᠢ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠳᠤᠮᠳᠠ ᠪᠦᠷᠢᠯᠳᠦᠭᠰᠡᠨ ᠨᠡᠭᠡᠭᠡᠯᠲᠡᠲᠦ ᠰᠢᠰᠲ᠋ᠧᠮ ᠮᠥᠨ᠂ ᠲᠡᠷᠡ ᠨᠢ ᠪᠦᠬᠦᠨ ᠢ ᠠᠪᠴᠤ ᠪᠠᠶᠢᠳᠠᠭ ᠢ ᠬᠠᠳᠠᠭᠠᠯᠠᠬᠤ ᠳᠤᠮᠳᠠ ᠶᠠᠪᠤᠬᠤ ᠲᠤᠳᠤᠮ ᠰᠢᠨᠡᠳᠴᠦ ᠪᠠᠶᠢᠳᠠᠭ᠃ ᠳᠤᠮᠳᠠᠳᠤ ᠶᠢᠨ ᠦᠨᠳᠦᠰᠦᠲᠡᠨ ᠪᠣᠯ ᠨᠡᠭᠡᠭᠡᠯᠲᠡᠲᠡᠢ ᠪᠠᠭᠲᠠᠭᠠᠮᠵᠢᠲᠠᠢ ᠦᠨᠳᠦᠰᠦᠲᠡᠨ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ ᠴᠠᠶᠢᠯᠭᠠᠨ ᠨᠥᠬᠦᠷᠰᠡᠭ ᠠᠷᠠᠳ ᠲᠦᠮᠡᠨ ᠮᠥᠨ᠃ ᠳᠤᠮᠳᠠᠳᠤ ‍ᠤᠮᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠡᠷᠬᠡ ᠲᠡᠭᠰᠢ᠂ ᠬᠠᠷᠢᠯᠴᠠᠨ ᠲᠣᠯᠢ ᠪᠤᠯᠭᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠣᠯᠪᠠᠰᠤᠨ ᠤ ᠦᠵᠡᠯᠲᠡ ᠶᠢ ᠪᠠᠳᠠᠷᠠᠭᠤᠯᠵᠤ᠂ ᠴᠢᠩ ᠦᠨᠡᠨᠴᠢ ᠬᠠᠮᠵᠢᠯᠴᠠᠭ᠎ᠠ ᠪᠠᠷ ᠲᠠᠮᠵᠢᠨ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠦ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠢ ᠵᠠᠪᠰᠠᠷ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠵᠦ᠂ ᠳᠡᠯᠡᠬᠡᠢ ᠳ᠋ᠠᠬᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠨ᠎ᠠ    ᠠᠷᠠᠳ ᠤᠨ ᠬᠤᠭᠤᠷᠣᠨᠳᠣᠬᠢ ᠳᠣᠲᠣᠨᠣ ᠬᠠᠷᠢᠴᠠᠭ᠎ᠠ ᠨᠢ ᠰᠡᠳᠭᠢᠯ ᠤᠨ ᠨᠡᠪᠲᠡᠷᠡᠯᠴᠡᠭᠡ ᠳᠤ ᠪᠤᠢ᠃ ᠠᠷᠠᠳ ᠤᠨ ᠰᠡᠳᠭᠢᠯ ᠤᠨ ᠨᠡᠪᠲᠡᠷᠡᠯᠴᠡᠭᠡ ᠪᠣᠯ ᠬᠠᠮᠤᠭ ᠤᠨ ᠰᠠᠭᠤᠷᠢ᠂ ᠬᠠᠮᠤᠭ ᠤᠨ ᠪᠠᠲᠤ ᠪᠠᠬᠢ᠂ ᠬᠠᠮᠤᠭ ᠤᠨ ᠤᠳᠠᠭᠠᠨ ᠳᠠᠭᠠᠭᠠᠮᠠᠭᠠᠢ ᠬᠤᠯᠪᠣᠯᠳᠤᠨ ᠨᠡᠪᠲᠡᠷᠡᠯᠴᠡᠬᠦ ᠶᠠᠪᠤᠳᠠᠯ ᠪᠣᠯᠤᠨ᠎ᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠬᠥᠭᠵᠢᠭᠦᠯᠬᠦ᠂ ᠤᠯᠠᠨ ᠤᠯᠤᠰ ᠤᠨ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠠ᠃ ᠠᠷᠠᠳ ᠤᠨ ᠬᠤᠭᠤᠷᠣᠨᠳᠣᠬᠢ ᠶᠠᠪᠤᠯᠴᠠᠭ᠎ᠠ ᠶᠢᠨ ᠬᠥᠭᠦᠷᠭᠡ ᠶᠢ ᠨᠡᠩ ᠤᠯᠠᠨ ᠪᠠᠶᠢᠭᠤᠯᠵᠤ᠂ ᠡᠯ᠎ᠡ ᠤᠯᠤᠰ ᠤᠨ ᠨᠠᠶᠢᠵᠠ ᠨᠠᠷ ᠲᠠᠢ ᠪᠦᠯᠬᠦᠮᠳᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠦᠢᠯᠡᠳᠦᠯᠭᠡᠵᠢᠭᠦᠯᠦᠭᠴᠢ ᠪᠣᠯᠤᠨ᠎ᠠ︔ ᠨᠡᠩ ᠤᠯᠠᠨ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠶᠢᠨ ᠬᠥᠭᠦᠷᠭᠡ ᠶᠢ ᠴᠣᠭᠴᠠᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠠᠮᠲᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠯᠴᠠᠭᠴᠢ ᠪᠤᠯᠤᠨ᠎ᠠ︔ ᠨᠡᠩ ᠤᠯᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠬᠥᠭᠦᠷᠭᠡ ᠬᠤᠯᠪᠣᠭᠠᠰᠤ ᠶᠢ ᠪᠠᠶᠢᠭᠤᠯᠵᠤ᠂ ᠡᠯ᠎ᠡ ᠤᠯᠤᠰ ᠤᠨ ᠠᠷᠠᠳ ᠤᠯᠠᠨ ᠤ ᠳᠤᠮᠳᠠᠳᠤ ᠭᠠᠳᠠᠭᠠᠳᠤ ᠶᠢᠨ ᠪᠣᠯᠪᠠᠰᠤᠨ ᠢᠶᠠᠨ ᠬᠠᠷᠢᠯᠴᠠᠨ ᠲᠤᠯᠢ ᠪᠤᠯᠭᠠᠬᠤ ᠪᠠ ᠠᠷᠠᠳ ᠤᠨ ᠰᠡᠳᠭᠢᠯ ᠨᠡᠪᠳᠡᠷᠡᠯᠴᠡᠬᠦ ᠶᠢᠨ ᠠᠬᠢᠭᠤᠯᠤᠬᠴᠢ ᠪᠣᠯᠬᠤ ᠶᠢ ᠵᠣᠷᠢᠭᠵᠢᠭᠤᠯᠤᠨ᠎ᠠ︔ ᠨᠡᠩ ᠤᠯᠠᠨ ᠵᠠᠯᠠᠭᠤᠴᠤᠳ ᠪᠠᠭᠠᠴᠤᠳ ᠤᠨ ᠨᠥᠬᠦᠷᠯᠡᠯ ᠤᠨ ᠬᠥᠭᠦᠷᠭᠡ ᠶᠢ ᠴᠣᠭᠴᠠᠯᠠᠵᠤ᠂ ᠵᠠᠯᠠᠭᠤ ᠨᠢᠭᠡ ᠦᠶ᠎ᠡ ᠶᠢᠨ ᠬᠢᠨ ᠢ ᠵᠣᠷᠢᠭᠵᠢᠭᠤᠯᠵᠤ᠂ ᠬᠠᠮᠲᠤ ᠪᠠᠷ ᠠᠷᠠᠳ ᠲᠦᠮᠡᠨ ᠤ ᠨᠥᠬᠦᠷᠯᠡᠯ ᠤᠨ ᠦᠢᠯᠡᠰ ᠤᠨ ᠵᠠᠯᠭᠠᠮᠵᠢᠯᠠᠭᠴᠢ ᠪᠣᠯᠭᠠᠨ᠎ᠠ᠃   ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯ ᠠᠷᠠᠳ ᠲᠦᠮᠡᠨ ᠤ ᠵᠠᠰᠠᠭ ᠤᠨ ᠣᠷᠳᠣᠨ ᠮᠥᠨ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠭᠠᠳᠠᠭᠠᠳᠤ ᠬᠠᠷᠢᠯᠴᠠᠭ᠎ᠠ ᠮᠥᠨ᠃ ᠠᠷᠠᠳ ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ᠂ ᠤᠯᠤᠰ ᠤᠨ ᠬᠤᠭᠤᠷᠣᠨᠳᠣᠬᠢ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠰᠠᠭᠤᠷᠢᠯᠠᠬᠤ ᠴᠢᠨᠠᠷᠲᠠᠢ ᠠᠵᠢᠯ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠬᠠᠮᠲᠤ ᠪᠠᠷ᠂ ᠨᠥᠬᠦᠷᠯᠡᠯ ᠢᠶᠠᠷ ᠬᠥᠭᠦᠷᠭᠡ ᠪᠣᠯᠭᠠᠵᠤ᠂ ᠰᠡᠳᠭᠢᠯ ᠢᠶᠠᠷ ᠢᠶᠠᠨ ᠶᠠᠪᠤᠯᠴᠠᠵᠤ᠂ ᠳᠤᠮᠳᠠᠳᠤ ᠭᠠᠳᠠᠭᠠᠳᠤ ᠶᠢᠨ ᠠᠷᠠᠳ ᠤᠨ ᠬᠤᠭᠤᠷᠣᠨᠳᠣᠬᠢ ᠨᠥᠬᠦᠷᠯᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠨ ᠤ ᠦᠷ᠎ᠡ ᠬᠤᠶᠢᠴᠢᠰ ᠲᠠᠭᠠᠨ ᠨᠡᠩ ᠰᠠᠶᠢᠨ ᠰᠠᠶᠢᠬᠠᠨ ᠳᠡᠯᠡᠬᠡᠢ ᠵᠢᠷᠲᠢᠨᠴᠦ ᠶᠢ ᠬᠠᠮᠲᠤ ᠪᠠᠷ ᠪᠠᠶᠢᠭᠤᠯᠵᠤ ᠥᠭᠭᠦᠨ᠎ᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号