ᠰᠢ ᠶᠢᠨ ᠫᠢᠩ ᠡᠧᠽᠢᠤᠫᠢᠶ᠎ᠠ ᠶᠢᠨ ᠰᠢᠨ᠎ᠡ ᠪᠠᠷ ᠲᠤᠰᠢᠶᠠᠯ ᠳᠤ ᠭᠠᠷᠤᠭᠰᠠᠨ ᠶᠡᠷᠦᠩᠬᠡᠶᠢᠯᠡᠭᠴᠢ ᠲᠠᠶᠧ · ᠠᠼᠢᠺ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/10/14
   10 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ᠂ ᠲᠠᠶᠧ · ᠠᠼᠢᠺ — ᠰᠠᠶᠢᠷᠠᠰᠢ · ᠠᠮᠥ᠋ᠳ᠋ ᠲᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠬᠤᠯᠪᠤᠭᠠᠨ ᠤ ᠪᠦᠬᠦᠳᠡ ᠨᠠᠶᠢᠷᠠᠮᠳᠠᠬᠤ ᠠᠷᠠᠳᠴᠢᠯᠠᠭᠰᠠᠨ ᠡᠧᠽᠢᠤᠫᠢᠶ᠎ᠠ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃   ᠰᠢ ᠶᠢᠨ ᠫᠢᠩ᠂ ᠤᠢᠢᠷ᠎ᠠ ᠶᠢᠨ ᠵᠢᠯ ᠠᠴᠠ ᠳᠤᠮᠳᠠᠳᠤ ᠡᠧᠽᠢᠤᠫᠢᠶ᠎ᠠ ᠶᠢᠨ ᠬᠠᠷᠢᠯᠴᠠᠭ᠎ᠠ ᠪᠦᠬᠦ ᠲᠠᠯ᠎ᠠ ᠪᠠᠷ ᠲᠦᠷᠭᠡᠨ ᠬᠥᠭᠵᠢᠵᠦ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠤᠯᠪᠠ᠃ ᠪᠢ ᠳᠤᠮᠳᠠᠳᠤ ᠡᠧᠽᠢᠤᠫᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠲᠠᠶᠤ ᠲᠠᠢ ᠬᠠᠮᠲᠤ ᠪᠠᠷ ᠴᠢᠷᠮᠠᠶᠢᠵᠤ ᠪᠠᠶᠢᠭᠠᠳ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠡᠧᠽᠢᠤᠫᠢᠶ᠎ᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 12 ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号