ᠶᠡᠷᠦᠩᠬᠡᠢ ᠱᠦᠵᠢ ᠰᠢ ᠶᠢᠨ ᠫᠢᠩ ᠤᠨ ᠢᠯᠡᠭᠡᠭᠰᠡᠨ ᠵᠠᠬᠢᠳᠠᠯ ᠨᠢ ᠥᠷᠭᠡᠨ ᠤᠯᠠᠨ ᠤᠯᠠᠭᠠᠨ ᠵᠠᠭᠠᠯᠮᠠᠶᠢᠳᠠᠨ ᠤ ᠠᠵᠢᠯᠳᠠᠨ᠂ ᠭᠡᠰᠢᠭᠦᠳ᠂ ᠰᠠᠶᠢᠨ ᠲᠤᠷᠠᠴᠤᠳ ᠤᠨ ᠵᠣᠷᠢᠭ ᠰᠢᠭᠤᠳᠤᠨ ᠲᠡᠮᠡᠴᠡᠬᠦ ᠶᠢ ᠵᠣᠷᠢᠭᠵᠢᠭᠤᠯᠪᠠ
ᠨᠡᠶᠢᠲᠡᠯᠡᠭᠰᠡᠨ ᠴᠠᠭ᠄
2024/10/14
   ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠶᠡᠭᠡ ᠬᠤᠷᠠᠯ ᠳᠤ ᠵᠠᠬᠢᠳᠠᠯ ᠢᠯᠡᠭᠡᠵᠦ᠂ ᠪᠦᠬᠦ ᠤᠯᠤᠰ ᠤᠨ ᠥᠷᠭᠡᠨ ᠤᠯᠠᠨ ᠤᠯᠠᠭᠠᠨ ᠵᠠᠭᠠᠯᠮᠠᠶᠢᠳᠠᠨ ᠤ ᠠᠵᠢᠯᠲᠠᠳ᠂ ᠭᠡᠰᠢᠭᠦᠳ᠂ ᠰᠠᠶᠢᠨ ᠳᠤᠷᠠᠴᠤᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠨᠠᠨᠳᠢᠨ ᠬᠦᠰᠡᠯ ᠭᠦᠨᠳᠤ ᠨᠠᠶᠢᠳᠠᠯᠭ᠎ᠠ ᠲᠠᠯᠪᠢᠭᠰᠠᠨ ᠪᠠᠶᠢᠨ᠎ᠠ᠃   ᠤᠯᠠᠨ ᠢᠶᠠᠷ ᠢᠶᠠᠨ᠂ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠯᠠᠪᠲᠠᠢ ᠬᠥᠰᠡᠷᠳᠡᠭᠦᠯᠬᠦ ᠦᠭᠡᠢ ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠵᠣᠷᠢᠭ ᠰᠢᠭᠤᠳᠤᠨ ᠲᠡᠮᠡᠴᠡᠬᠦ ᠳᠤᠮᠳᠠ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠭᠡᠵᠡᠭᠡᠪᠡ᠃   ︽ᠶᠡᠷᠦᠩᠬᠡᠢ ᠱᠦᠵᠢ ᠰᠢ ᠶᠢᠨ ᠫᠢᠩ ᠵᠠᠬᠢᠳᠠᠯ ᠳᠠᠭᠠᠨ ︿ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ﹀ ᠭᠡᠵᠦ ᠴᠢᠬᠤᠯᠠᠴᠢᠯᠠᠪᠠ᠂ ᠡᠨᠡ ᠨᠢ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠂ ᠦᠨᠳᠦᠰᠦᠨ ᠵᠢᠷᠤᠮᠯᠠᠯ ᠬᠠᠩᠭᠠᠵᠠᠢ᠃ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠯᠢ ᠯᠢ ᠳ᠋ᠦᠩ᠂ ︽ᠤᠯᠤᠰ ᠲᠥᠷᠥ ᠶᠢᠨ ᠵᠢᠯᠣᠭᠤᠳᠤᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠠ ᠲᠤᠬᠠᠶᠢᠯᠠᠭᠰᠠᠨ ᠠᠵᠢᠯ ᠢ ᠬᠠᠮᠲᠤ ᠪᠠᠷ ᠤᠬᠠᠭᠠᠯᠠᠨ ᠲᠥᠯᠥᠪᠯᠡᠵᠦ᠂ ᠬᠠᠮᠲᠤ ᠪᠠᠷ ᠪᠠᠶᠢᠷᠢᠯᠠᠭᠤᠯᠵᠤ᠂ ᠤᠯᠤᠰ ᠲᠥᠷᠥ ᠶᠢᠨ ᠦᠷ᠎ᠡ ᠪᠦᠲᠦᠮᠵᠢ᠂ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢ ᠨᠢᠭᠡᠳᠭᠡᠬᠦ ᠶᠢ ᠪᠠᠷᠢᠮᠳᠠᠯᠠᠵᠤ᠂ ᠰᠢᠨ᠎ᠡ ᠠᠶᠠᠨ ᠳᠠᠬᠢ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠶᠢᠨ ᠲᠤᠬᠠᠶ ᠨᠠᠮ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠪᠦ᠋ᠬᠦᠢ ᠤᠯᠠᠭᠠᠨ ᠵᠠᠭᠠᠯᠮᠠᠶᠢᠲᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ︾ ᠭᠡᠵᠦ ᠢᠯᠡᠳᠭᠡᠪᠡ᠃   ᠶᠡᠷᠦᠩᠬᠡᠶ ᠱᠦᠵᠢ ᠰᠢ ᠶᠢᠨ ᠫᠢᠩ ᠵᠠᠬᠢᠳᠠᠯ ᠳᠠᠭᠠᠨ ︽ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠲᠡᠢ︾ ᠭᠡᠰᠡᠨ ᠱᠠᠭᠠᠷᠳᠠᠯᠭ᠎ᠠ ᠶᠢ ᠳᠤᠷᠠᠳᠤᠭᠰᠠᠨ ᠨᠢ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠱᠣ ᠶᠢ ᠶᠡᠬᠡᠳᠡ ᠵᠣᠷᠢᠭᠵᠢᠭᠤᠯᠪᠠ᠃ ᠣᠶᠢᠷ᠎ᠠ ᠶᠢᠨ ᠵᠢᠯ ᠤᠳ ᠲᠤ᠂ ᠬᠠᠩᠵᠧᠦ ᠬᠤᠲᠠ ᠶᠢᠨ ᠬᠢᠨ ᠲᠤᠭᠠᠴᠢᠯᠠᠭᠰᠠᠨ ᠤᠶᠤᠨᠴᠢᠯᠠᠭᠰᠠᠨ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠲᠦᠷᠭᠡᠨ ᠠᠪᠤᠷᠠᠯᠳᠠ ᠶᠢ ︽ᠭᠡᠨᠡᠳᠲᠡ ᠶᠢᠨ ᠲᠣᠬᠢᠶᠠᠯᠳᠤᠯ︾ ᠠᠴᠠ ︽ᠴᠤᠤᠷᠢᠶᠠᠲᠤᠯ︾ ᠪᠣᠯᠭᠠᠨ ᠬᠤᠪᠢᠷᠠᠭᠤᠯᠵᠤ᠂ ᠣᠶᠤᠨᠴᠢ ᠨᠠᠷᠢᠯᠢᠭ ᠣᠨᠣᠴᠠᠲᠠᠶ᠂ ᠣᠯᠠᠨ ᠨᠡᠶᠢᠲᠡ ᠶᠢᠨ ᠣᠷᠣᠯᠴᠠᠯᠭ᠎ᠠ ᠨᠢ ᠥᠷᠭᠡᠨ ᠳᠡᠯᠭᠡᠷ ᠰᠢᠨ᠎ᠡ ᠮᠠᠶ᠋ᠢᠭ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠪᠠ᠃   ︽ᠪᠢᠳᠡ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ ᠥᠭᠡᠷᠡᠴᠢᠯᠡᠯᠲᠡ ᠪᠠᠷ ᠤᠯᠠᠭᠠᠨ ᠵᠠᠭᠠᠯᠮᠠᠶᠢᠲᠠᠨ ᠤ ᠦᠢᠯᠡᠰ ᠤᠨ ᠰᠢᠰᠲ᠋ᠧᠮᠲᠦ ᠴᠢᠨᠠᠷᠲᠠᠶ ᠳᠠᠬᠢᠨ ᠴᠣᠭᠴᠠᠯᠠᠯᠲᠠ ᠶᠢ ᠦᠷᠭᠦᠯᠵᠢᠯᠡᠨ ᠠᠬᠢᠭᠤᠯᠵᠤ᠂ ᠵᠣᠷᠢᠭᠲᠠᠶ ᠪᠠᠷ ᠰᠦᠪᠡᠭᠴᠢᠯᠡᠨ ᠦᠢᠯᠡᠳᠦᠯᠭᠡᠵᠢᠭᠦᠯᠬᠦ ᠪᠠᠷ ᠳᠠᠮᠵᠢᠭᠤᠯᠤᠨ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠤᠯᠠᠭᠠᠨ ᠵᠠᠭᠠᠯᠮᠠᠶᠢᠲᠠᠨ ᠤ ᠠᠵᠢᠯ ᠤᠨ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠬᠦ ᠬᠡᠷᠡᠭᠲᠡᠶ︾ ᠭᠡᠵᠦ ᠵᠧᠦ ᠱᠣ ᠬᠡᠯᠡᠪᠡ᠃ ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠪᠣᠯᠤᠭᠰᠠᠨ ᠤ ᠬᠤᠪᠢ ᠳᠤ᠂ ᠣᠳᠣᠬᠠᠨ ᠳᠤ ᠮᠠᠨ ᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ 20.4 ᠲᠦᠮᠡ ᠪᠠᠶᠢᠵᠤ᠂ 1700 ᠭᠠᠷᠤᠢ ᠲᠦᠮᠡᠨ ᠭᠡᠰᠢᠭᠦᠨ᠂ 293 ᠲᠦᠮᠡᠨ ᠰᠠᠶᠢᠨ ᠳᠤᠷᠠᠴᠤᠳ ᠬᠤᠳᠠ ᠬᠥᠳᠡᠭᠡ ᠨᠡᠶᠢᠭᠡᠮ ᠲᠣᠭᠤᠷᠢᠭ ᠲᠤ ᠢᠳᠡᠪᠬᠢᠲᠡᠢ ᠠᠵᠢᠯᠯᠠᠵᠤ᠂ ᠤᠯᠠᠨ ᠲᠦᠮᠡᠨ ᠤ ᠳᠡᠷᠭᠡᠳᠡ ᠦᠢᠯᠡᠴᠢᠯᠡᠵᠦ ᠪᠠᠶᠢᠨ᠎ᠠ᠃   ︽ᠭᠠᠭᠴᠠ ᠬᠦ ᠤᠯᠤᠰ ᠳᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠳᠠᠰᠤᠷᠠᠯᠳᠠ ᠦᠬᠡᠢ ᠴᠢᠩᠭᠠᠳᠬᠠᠪᠠᠯ ᠰᠠᠶ᠋ᠢ ︿ᠤᠯᠠᠨ ᠲᠦᠮᠡᠨ ᠤ ᠳᠡᠷᠭᠡᠳᠡᠬᠢ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ﹀ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠴᠢᠳᠠᠨ᠎ᠠ︾᠃ ᠴᠦᠩᠴᠢᠩ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠤᠬᠠᠭᠤᠯᠭ᠎ᠠ ᠭᠠᠳᠠᠭᠠᠳᠤ ᠬᠠᠷᠢᠯᠴᠠᠭᠠᠨ ᠤ ᠬᠡᠯᠲᠡᠰ ᠤᠨ ᠳᠠᠷᠤᠭ᠎ᠠ ᠴᠢᠨ ᠬᠤᠩ ᠮᠧᠶ ᠶᠢᠨ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠪᠣᠯ ᠳᠠᠷᠤᠶ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠪᠥᠬᠦ ᠬᠤᠲᠠ ᠶᠢᠨ ᠡᠯ᠎ᠡ ᠲᠣᠭᠤᠷᠢᠭ ᠰᠢᠶᠠᠨ ᠤ ᠤᠯᠠᠭᠠᠨ ᠵᠠᠭᠠᠯᠮᠠᠶᠢᠲᠠᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠦᠳᠲᠡᠷ ᠲᠦᠷᠭᠡᠨ᠂ ᠪᠥᠬᠦ ᠲᠠᠯ᠎ᠠ ᠪᠠᠷ᠂ ᠭᠦᠨᠵᠡᠭᠡᠶ ᠤᠬᠠᠭᠤᠯᠤᠨ ᠲᠤᠭᠤᠰᠢᠯᠠᠭᠤᠯᠬᠤ ᠶᠠᠪᠤᠳᠠᠯ ᠪᠣᠯᠤᠨ᠎ᠠ᠂ ︽ᠥᠷᠭᠡᠨ ᠣᠯᠠᠨ ᠤᠯᠠᠭᠠᠨ ᠵᠠᠭᠠᠯᠮᠠᠶᠢᠲᠠᠨ ᠤ ᠠᠵᠢᠯᠲᠠᠳ᠂ ᠭᠡᠰᠢᠭᠦᠳ᠂ ᠰᠠᠶᠢᠨ ᠳᠤᠷᠠᠴᠤᠳ ᠢ ᠵᠣᠷᠢᠭᠵᠢᠭᠤᠯᠤᠨ ᠳᠠᠶᠢᠴᠢᠯᠠᠵᠤ ᠪᠠᠶᠢᠭᠠᠳ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ᠂ ᠣᠯᠠᠨ ᠲᠦᠮᠡᠨ ᠳᠤ ᠦᠢᠯᠡᠴᠢᠯᠡᠬᠦ ︿ᠡᠴᠦᠰ ᠤᠨ ᠨᠢᠭᠡ ᠺᠢᠯᠣᠮᠧᠲᠷ﹀ ᠤᠨ ᠲᠠᠯ᠎ᠠ ᠪᠠᠷ ᠯᠠᠪᠳᠠᠭᠤᠨ ᠪᠣᠳᠠᠲᠠᠶ ᠠᠵᠢᠯᠯᠠᠬᠤ ᠬᠡᠷᠡᠭᠲᠡᠶ︾᠃   ︽ᠤᠯᠠᠨ ᠨᠡᠶᠢᠳᠡ ᠶᠢᠨ ᠢᠲᠡᠭᠡᠭᠦᠯᠬᠦ ᠬᠦᠴᠦᠨ ᠪᠣᠯ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠮᠢᠵᠢᠷᠠᠯ ᠤᠨ ᠬᠦᠴᠦᠨ ᠪᠠ ᠠᠮᠢᠨ ᠰᠤᠳᠠᠰᠤ ᠮᠥᠨ᠂ ᠪᠠᠰᠠ ᠴᠤ ᠬᠥᠮᠦᠯᠢᠭ ᠦᠵᠡᠯ ᠤᠨ ᠪᠠᠯᠠ ᠴᠤᠭᠯᠠᠭᠤᠯᠬᠤ ᠠᠵᠢᠯ ᠢ ᠳᠡᠭᠡᠭᠰᠢᠯᠡᠭᠦᠯᠬᠦ ᠴᠢᠬᠤᠯᠠ ᠪᠠᠲᠤᠯᠠᠭ᠎ᠠ ᠪᠠ ᠵᠠᠶᠢᠯᠠᠰᠢ ᠦᠭᠡᠢ ᠨᠥᠬᠦᠴᠡᠯ ᠮᠥᠨ︾᠃ ᠶᠡᠷᠦᠩᠬᠡᠶ ᠱᠦᠵᠢ ᠰᠢ ᠶᠢᠨ ᠫᠢᠩ ᠤᠨ ᠵᠠᠬᠢᠳᠠᠯ ᠳᠤ ᠴᠢᠬᠤᠯᠠᠴᠢᠯᠠᠭᠰᠠᠨ ︽ᠣᠯᠠᠨ ᠨᠡᠶᠢᠳᠡ ᠶᠢᠨ ᠢᠲᠡᠭᠡᠭᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ︾ ᠲᠤᠬᠠᠶ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠶᠡᠷᠦᠩᠬᠡᠶ ᠨᠡᠶᠢᠭᠡᠮᠯᠢᠭ ᠤᠨ ᠪᠠᠯᠠ ᠴᠤᠭᠯᠠᠭᠤᠯᠬᠤ ᠪᠠ ᠡᠳ᠋ ᠤᠨ ᠶᠠᠪᠤᠳᠠᠯ ᠤᠨ ᠬᠡᠯᠲᠡᠰ ᠤᠨ ᠳᠡᠳ᠋ ᠲᠠᠷᠤᠭ᠎ᠠ ᠰᠣ ᠶᠠᠨ ᠮᠠᠰᠢ ᠵᠦᠪᠰᠢᠶᠡᠷᠡᠵᠦ ᠪᠠᠶᠢᠪᠠ᠃ ᠲᠡᠷᠡ᠂ ᠢᠷᠡᠭᠡᠳᠦᠶ ᠶᠢᠨ ᠠᠵᠢᠯ ᠤᠨ ᠳᠤᠮᠳᠠ ᠨᠠᠩ ᠴᠢᠩᠭ᠎ᠠ ᠪᠠᠷ ᠬᠠᠤᠯᠢ ᠲᠣᠭᠲᠠᠭᠠᠯ ᠶᠣᠰᠣᠭᠠᠷ ᠡᠯ᠎ᠡ ᠵᠦᠢᠯ ᠤᠨ ᠠᠵᠢᠯ ᠢᠶᠠᠨ ᠥᠷᠨᠢᠭᠦᠯᠵᠦ᠂ ᠳᠣᠲᠣᠭᠠᠳᠤ ᠡᠵᠡᠮᠳᠡᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠣᠷᠢᠭᠲᠠᠶ ᠪᠠᠷ ᠬᠢᠲᠤᠭ᠎ᠠ ᠶᠢᠨ ᠢᠷ ᠢ ᠳᠣᠲᠣᠭᠰᠢ ᠬᠠᠨᠳᠤᠭᠤᠯᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠬᠠᠶᠢᠷ᠎ᠠ ᠬᠠᠯᠠᠮᠵᠢ ᠰᠠᠶᠢᠨ ᠰᠠᠨᠠᠭ᠎ᠠ ᠨᠢᠭᠡ ᠪᠦᠷᠢ ᠶᠢ ᠴᠠᠭ ᠲᠤᠬᠠᠶ ᠳᠤᠨᠢ ᠲᠠᠮᠵᠢᠭᠤᠯᠵᠤ ᠨᠠᠶᠢᠳᠠᠪᠤᠷᠢᠵᠢᠭᠤᠯᠤᠨ᠎ᠠ ᠭᠡᠵᠦ ᠢᠯᠡᠳᠭᠡᠪᠡ᠃   ᠬᠥᠮᠦᠯᠢᠭ ᠦᠵᠡᠯ᠂ ᠲᠦᠭᠡᠮᠡᠯ ᠬᠠᠶᠢᠷ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠮᠦᠨ ᠤ ᠠᠮᠢ ᠨᠠᠰᠤ ᠪᠠ ᠡᠷᠡᠭᠦᠯ ᠮᠡᠨᠳᠦ ᠶᠢ ᠬᠠᠮᠠᠭᠠᠯᠠᠵᠤ᠂ ᠬᠥᠮᠦᠨ ᠤ ᠨᠡᠷ᠎ᠡ ᠬᠦᠨᠳᠦ ᠶᠢ ᠬᠠᠮᠠᠭᠠᠯᠠᠵᠤ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠲᠠᠪᠰᠢᠯᠳᠠ ᠶᠢᠨ ᠦᠢᠯᠡᠰ ᠢ ᠠᠬᠢᠭᠤᠯᠬᠤ ᠪᠣᠯ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠵᠣᠷᠢᠯᠲᠠ ᠮᠥᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠯ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠭᠤᠣᠯ ᠲᠤᠬᠠᠶᠢᠯᠠᠭᠰᠠᠨ ᠠᠵᠢᠯ ᠪᠠ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠮᠥᠨ᠃   ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠰᠤᠷᠤᠯᠴᠠᠵᠥ᠂ ᠭᠠᠨᠰᠦ ᠮᠤᠵᠢ ᠶᠢᠨ ᠯᠢᠨᠰᠢᠶᠠ ᠬᠤᠳᠠ ᠶᠢᠨ ᠡᡁᠤᠵᠸᠤ ᠶᠢᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠲᠥᠪ ᠤᠨ ᠠᠪᠤᠷᠠᠨ ᠲᠤᠰᠠᠯᠠᠬᠤ ᠠᠩᠬᠢ ᠶᠢᠨ ᠭᠡᠰᠢᠭᠦᠨ ᠰᠢᠤᠢ ᠯᠸᠢ ᠨᠢᠳᠤᠨᠤᠨ ᠡᠪᠦᠯ ᠵᠢᠢ ᠱᠢ ᠱᠠᠨ ᠰᠢᠶᠠᠨ ᠳᠠᠬᠢ ᠭᠠᠵᠠᠷ ᠬᠥᠳᠡᠯᠦᠯᠲᠡ ᠶᠢᠨ ᠠᠪᠤᠷᠠᠨ ᠲᠤᠰᠠᠯᠠᠬᠤ ᠡᠮᠦᠨ᠎ᠡ ᠹᠷᠣᠨᠲ ᠲᠤ ᠠᠵᠢᠯᠯᠠᠵᠤ ᠪᠠᠶᠢᠭᠰᠠᠨ ᠥᠩᠭᠡᠷᠡᠯᠲᠡ ᠪᠠᠨ ᠡᠷᠭᠢᠴᠡᠭᠦᠯᠬᠦ ᠳᠡᠭᠡᠨ᠄ ︽ᠬᠥᠮᠦᠯᠢᠭ ᠦᠵᠡᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠵᠣᠷᠢᠯᠲᠠ ᠪᠣᠯᠤᠨ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠪᠣᠯᠤᠨ᠎ᠠ᠃ ᠪᠢ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠳᠤᠮᠳᠠ ᠬᠦᠰᠡᠯ ᠡᠷᠡᠮᠡᠯᠵᠡᠯ ᠤᠯᠭᠤᠵᠤ᠂ ᠠᠷᠠᠳ ᠲᠦᠮᠡᠨ ᠳᠤ ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠲᠠᠶᠢᠯᠪᠤᠷᠢᠯᠨᠨ᠎ᠠ︾ ᠭᠡᠪᠡ᠃ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠲᠥᠯᠥᠭᠡ ᠠᠵᠢᠯ ᠤᠨ ᠪᠠᠶᠢᠷᠢ ᠪᠠᠨ ᠰᠠᠬᠢᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠲᠥᠯᠥᠭᠡ ᠡᠭᠦᠷᠭᠡᠯᠡᠯ ᠡᠭᠦᠷᠭᠡᠯᠡᠨ᠎ᠡ᠃ ᠰᠢᠨ᠎ᠡ ᠴᠠᠭ ᠦᠶ᠎ᠡ ᠳᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠳᠡᠯᠡᠬᠡᠢ ᠶᠢᠨ ᠬᠥᠮᠦᠯᠢᠭ ᠦᠵᠡᠯ ᠤᠨ ᠬᠡᠷᠡᠭ ᠶᠠᠪᠤᠳᠠᠯ ᠳᠤ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃   ︽ᠶᠡᠷᠦᠩᠬᠡᠢ ᠱᠦᠵᠢ ᠰᠢ ᠶᠢᠨ ᠫᠢᠩ ᠵᠠᠬᠢᠳᠠᠯ ᠢᠯᠡᠭᠡᠵᠦ ︿ᠳᠡᠯᠡᠬᠡᠢ ᠶᠢᠨ ᠬᠥᠮᠦᠯᠢᠭ ᠦᠵᠡᠯ ᠤᠨ ᠦᠢᠯᠡᠰ ᠲᠤ ᠢᠳᠡᠪᠬᠢᠲᠡᠢ ᠣᠷᠣᠯᠴᠠᠬᠤ ᠪᠠ ᠳᠡᠮᠵᠢᠬᠦ ᠬᠡᠷᠡᠭᠲᠡᠢ﹀ ᠭᠡᠵᠦ ᠱᠠᠭᠠᠷᠳᠠᠭᠰᠠᠨ ᠨᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠳᠤ ᠲᠠᠯᠪᠢᠭᠰᠠᠨ ᠨᠡᠩ ᠥᠨᠳᠥᠷ ᠱᠠᠭᠠᠷᠳᠠᠯᠭ᠎ᠠ ᠪᠣᠯᠤᠨ᠎ᠠ︾᠃ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠪᠸᠢ ᠰᠢᠶᠤᠤ ᠴᠤᠤ᠂ ᠣᠳᠣᠬᠠᠨ ᠤ ᠪᠥᠬᠦ ᠪᠥᠮᠪᠥᠷᠴᠡᠭ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠠ ᠡᠳᠦᠷ ᠢᠷᠡᠬᠦᠶ᠎ᠡ ᠪᠤᠳᠤᠯᠢᠶᠠᠨᠲᠠᠶ ᠪᠣᠯᠵᠣ ᠪᠠᠶᠢᠭ᠎ᠠ ᠬᠥᠮᠦᠯᠢᠭ ᠦᠵᠡᠯ ᠤᠨ ᠬᠡᠷᠡᠭᠴᠡᠭᠡ ᠶᠢ ᠠᠷᠭᠠᠴᠠᠭᠠᠬᠤ ᠳᠤᠮᠳᠠ᠂ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠶᠡᠷᠦᠩᠬᠡᠶ ᠨᠡᠶᠢᠭᠡᠮᠯᠢᠭ ᠤᠨ ᠨᠢᠭᠡᠳᠦᠯᠲᠡᠶ ᠪᠠᠶᠢᠷᠢᠯᠠᠭᠤᠯᠤᠯᠲᠠ ᠳᠤᠤᠷ᠎ᠠ᠂ ᠣᠯᠠᠨ ᠤᠯᠤᠰ ᠤᠨ ᠬᠥᠮᠦᠯᠢᠭ ᠦᠵᠡᠯ ᠤᠨ ᠲᠤᠰᠠᠯᠠᠮᠵᠢ ᠪᠠ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ︽ᠳᠤᠮᠳᠠᠳᠤ ᠤᠯᠤᠰ ᠤᠨ ᠲᠤᠷᠰᠢᠯᠭ᠎ᠠ ᠪᠠᠷ ᠪᠥᠬᠦ ᠪᠥᠮᠪᠥᠷᠴᠡᠭ ᠤᠨ ᠬᠥᠮᠦᠯᠢᠭ ᠦᠵᠡᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠤᠯᠠᠭᠠᠨ ᠵᠠᠭᠠᠯᠮᠠᠶᠢᠲᠠᠨ ᠤ ᠬᠦᠴᠦᠨ ᠢ ᠨᠡᠮᠡᠷᠢᠯᠡᠨ᠎ᠡ︾ ᠭᠡᠵᠦ ᠢᠯᠡᠳᠬᠡᠪᠡ᠃   ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠴᠤᠤᠶᠠᠩ ᠡᠮᠨᠡᠯᠭᠡ ᠶᠢᠨ ᠬᠤᠷᠢᠶ᠎ᠠ ᠶᠢᠨ ᠡᠷᠬᠢᠯᠡᠭᠴᠢ ᠰᠤᠪᠢᠯᠠᠭᠴᠢ᠂ ᠳᠤᠮᠳᠠᠳᠤ ᠤᠯᠤᠰ ᠤᠨ ᠨᠠᠨᠳᠢᠩᠭᠦᠷ ᠰᠠᠶᠢᠨ ᠳᠤᠷ᠎ᠠ ᠶᠢᠨ ᠰᠤᠪᠢᠯᠠᠯᠲᠠ ᠶᠢᠨ ᠦᠢᠯᠡᠴᠢᠯᠡᠭᠡᠨ ᠤ ᠶᠡᠷᠦᠩᠬᠡᠢ ᠠᠩᠬᠢ ᠶᠢᠨ ᠨᠠᠷᠢᠨ ᠪᠢᠴᠢᠭ ᠤᠨ ᠳᠠᠷᠤᠭ᠎ᠠ ᠯᠢᠦ ᠰᠢᠶᠤᠤ ᠵᠢᠤᠸᠠᠨ᠄ ︽ᠪᠢᠳᠡ ᠶᠡᠷᠦᠩᠬᠡᠢ ᠱᠦᠵᠢ ᠶᠢᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠡᠳᠦᠷ ᠲᠤᠳᠤᠮ ᠤᠨ ᠰᠤᠪᠢᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠳᠤ ᠨᠠᠶᠢᠳᠠᠪᠤᠷᠢᠵᠢᠭᠤᠯᠵᠤ᠂ ᠠᠷᠠᠳ ᠤᠯᠠᠨ ᠳᠤ ᠨᠡᠩ ᠤᠯᠠᠨ ᠡᠷᠡᠭᠦᠯ ᠮᠡᠨᠳᠤ ᠪᠤᠶᠠᠨ ᠵᠢᠷᠭᠠᠯ ᠣᠯᠭᠤᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠡᠷᠡᠭᠦᠯ ᠮᠡᠨᠳᠤ ᠶᠢᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠡᠷᠡᠭᠦᠯ ᠮᠡᠨᠳᠤ ᠶᠢᠨ ᠰᠠᠭᠤᠷᠢ ᠶᠢ ᠴᠢᠨᠠᠭᠰᠢᠳᠠ ᠪᠠᠬᠢᠵᠢᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ︾ ᠭᠡᠵᠦ ᠢᠯᠡᠳᠭᠡᠪᠡ᠃   ︽ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠠᠭᠠᠨ ᠵᠠᠭᠠᠯᠮᠠᠶᠢᠳᠠᠨ ᠤ ᠠᠵᠢᠯ ᠳᠠᠬᠢ ᠤᠳᠤᠷᠢᠳᠤᠯᠭ᠎ᠠ ᠪᠣᠯᠤᠨ ᠳᠡᠮᠵᠢᠯᠭᠡ ᠪᠠᠨ ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠪᠣᠯᠤᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ︾᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠵᠠᠬᠢᠳᠠᠯ ᠳᠤ ᠳᠤᠷᠠᠳᠤᠭᠰᠠᠨ ᠱᠠᠭᠠᠷᠳᠠᠯᠭ᠎ᠠ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号