ᠬᠤᠵᠢᠷᠯᠢᠭ ᠭᠠᠵᠠᠷ ᠤᠨ ᠤᠰᠤᠨ ᠲᠤᠲᠤᠷᠭ᠎ᠠ ᠵᠠᠯᠭᠠᠭ᠎ᠠ ᠪᠠᠷ ᠪᠣᠯᠪᠠᠰᠤᠷᠠᠵᠤ ︽ᠡᠯᠪᠡᠭ ᠬᠤᠷᠢᠶᠠᠯᠲᠠ︾   ᠶᠢᠨ ᠳᠠᠭᠤᠨ ᠢ ᠬᠠᠩᠬᠢᠨᠠᠭᠤᠯᠤᠨ᠎ᠠ
ᠨᠡᠶᠢᠲᠡᠯᠡᠭᠰᠡᠨ ᠴᠠᠭ᠄
2024/10/15
    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠨᠠᠭᠤᠷ ᠰᠤᠮᠤ ᠶᠢᠨ ᠤᠯᠤᠰ ᠤᠨ ᠤᠰᠤᠨ ᠲᠤᠲᠤᠷᠭ᠎ᠠ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠬᠢᠩᠭᠠᠨ ᠠᠶᠢᠮᠠᠭ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠵᠢᠷ ᠲᠤ ᠲᠡᠰᠪᠦᠷᠢᠲᠡᠢ ᠤᠰᠤᠨ ᠲᠤᠲᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ᠂ ᠬᠤᠵᠢᠷᠯᠢᠭ ᠭᠠᠵᠠᠷ ᠤᠨ ᠤᠰᠤᠨ ᠲᠤᠲᠤᠷᠭ᠎ᠠ ᠵᠠᠯᠭᠠᠭ᠎ᠠ ᠪᠠᠷ ᠪᠣᠯᠪᠠᠰᠤᠷᠠᠵᠤ᠂ ᠬᠤᠷᠢᠶᠠᠯᠲᠠ ᠣᠯᠬᠤ ᠬᠤᠭᠤᠴᠠᠭᠠᠨ ᠳᠤ ᠣᠷᠣᠪᠠ᠃    ᠬᠤᠵᠢᠷ ᠲᠤ ᠲᠡᠰᠪᠦᠷᠢᠲᠡᠢ ᠤᠰᠤᠨ ᠲᠤᠲᠤᠷᠭ᠎ᠠ ᠶᠢᠨ ᠲᠠᠷᠢᠶᠠᠨ ᠳᠤ᠂ ᠲᠣᠭᠤᠷᠢᠭ ᠳᠦᠭᠦᠷᠡᠩ ᠴᠢᠭᠢᠭᠯᠢᠭ ᠲᠤᠲᠤᠷᠭ᠎ᠠ ᠶᠢᠨ ᠲᠦᠷᠦᠭᠦᠦ ᠤᠨᠵᠢᠢᠵᠤ᠂ ᠨᠠᠮᠤᠷ ᠤᠨ ᠰᠠᠯᠬᠢᠨ ᠤ ᠠᠶ᠎ᠠ ᠪᠠᠷ ᠨᠠᠮᠤᠭᠤᠬᠠᠨ ᠬᠥᠳᠡᠯᠵᠦ᠂ ᠲᠠᠷᠢᠶᠠᠯᠠᠩ ᠤᠨ ᠮᠠᠰᠢᠨ ᠤ ᠭᠠᠷ ᠬᠠᠳᠤᠵᠤ ᠬᠤᠷᠢᠶᠠᠬᠤ ᠮᠠᠰᠢᠨ ᠢ ᠪᠣᠯᠪᠠᠰᠤᠷᠠᠭᠤᠯᠤᠨ᠂ ᠲᠠᠷᠢᠶᠠᠨ ᠳᠤᠮᠳᠠ ᠨᠠᠰᠢ ᠴᠠᠰᠢ ᠰᠦᠯᠵᠢᠯᠳᠦᠵᠦ᠂ ᠮᠠᠰᠢᠨ ᠤ ᠬᠦᠩᠭᠢᠨᠡᠬᠦ ᠳᠠᠭᠤᠨ ᠢ ᠳᠠᠭᠠᠯᠳᠤᠨ᠂ ᠬᠡᠷᠴᠢᠬᠦ᠂ ᠮᠥᠯᠢᠬᠦ᠂ ᠲᠡᠷᠭᠡᠨ ᠳᠤ ᠲᠡᠭᠡᠭᠡᠬᠦ ᠵᠡᠷᠭᠡ ᠠᠵᠢᠯ ᠤᠨ ᠳᠡᠰ ᠳᠠᠷᠠᠭ᠎ᠠ ᠨᠢᠭᠡ ᠯᠡ ᠠᠮᠢᠰᠬᠤᠭ᠎ᠠ ᠪᠠᠷ ᠪᠦᠲᠦᠵᠦ᠂ ᠠᠯᠲᠠᠨ ᠰᠢᠷᠭᠠᠯ ᠲᠤᠲᠤᠷᠭ᠎ᠠ ᠨᠢ ᠬᠠᠳᠤᠵᠤ ᠬᠤᠷᠢᠶᠠᠬᠤ ᠮᠠᠰᠢᠨ ᠤ ᠬᠤᠭᠤᠯᠠᠢ ᠶᠢ ᠳᠠᠭᠠᠵᠤ ᠴᠢᠨᠠᠨ᠎ᠠ᠃ ᠠᠵᠢᠯᠯᠠᠵᠤ ᠪᠠᠶᠢᠭ᠎ᠠ ᠲᠣᠰᠬᠤᠨ ᠤ ᠠᠷᠠᠳ ᠴᠧᠨ ᠨᠠᠷᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠵᠢᠯ ᠪᠦᠷᠢ ᠰᠠᠭᠤᠷᠢᠨ ᠭᠠᠵᠠᠷ ᠲᠤ ᠢᠷᠡᠵᠦ ᠠᠵᠢᠯᠯᠠᠵᠤ᠂ ᠬᠤᠵᠢᠷᠯᠢᠭ ᠭᠠᠵᠠᠷ ᠤᠨ ᠤᠰᠤᠨ ᠲᠤᠲᠤᠷᠭ᠎ᠠ ᠲᠠᠷᠢᠬᠤ ᠮᠡᠷᠭᠡᠵᠢᠯ ᠢ ᠰᠤᠷᠴᠤ ᠪᠣᠯᠬᠤ ᠮᠥᠷᠲᠡᠭᠡᠨ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ ᠭᠡᠵᠡᠢ᠃ ︽ᠪᠢ ᠠᠳᠠ ᠨᠢᠭᠡ ᠡᠳᠦᠷ 240 ᠲᠥᠭᠦᠷᠢᠭ ᠣᠯᠵᠤ᠂ ᠡᠨᠡ ᠬᠡᠰᠡᠭ ᠭᠠᠵᠠᠷ ᠢ ᠬᠤᠷᠢᠶᠠᠵᠤ ᠪᠠᠷᠠᠭᠠᠳ 1000 ᠢᠯᠡᠭᠦᠦ ᠲᠥᠭᠦᠷᠢᠭ ᠣᠯᠵᠤ ᠴᠢᠳᠠᠨ᠎ᠠ︾ ᠭᠡᠪᠡ᠃ ᠪᠠᠶᠠᠨᠨᠠᠭᠤᠷ ᠰᠤᠮᠤ ᠶᠢᠨ ᠪᠠᠶᠠᠨᠲᠠᠯ᠎ᠠ ᠭᠠᠴᠠᠭᠠᠨ ᠤ ᠠᠷᠠᠳ ᠴᠢᠨ ᠨᠠᠮᠤᠷ᠂ ᠰᠠᠭᠤᠷᠢᠨ ᠭᠠᠵᠠᠷ ᠲᠤ ᠬᠠᠪᠤᠷ ᠤᠨ ᠲᠠᠷᠢᠶᠠᠯᠠᠭ᠎ᠠ ᠠᠴᠠ ᠨᠠᠮᠤᠷ ᠤᠨ ᠬᠤᠷᠢᠶᠠᠯᠲᠠ ᠬᠦᠷᠲᠡᠯᠡᠬᠢ ᠲᠠᠷᠢᠶᠠᠨ ᠠᠵᠢᠯ ᠳᠤ ᠴᠥᠮ ᠠᠵᠢᠯᠴᠢᠨ ᠬᠥᠯᠥᠰᠥᠯᠡᠬᠦ ᠴᠢᠬᠤᠯᠠᠲᠠᠢ ᠪᠠᠶᠢᠵᠤ᠂ ᠡᠭᠦᠨ ᠤ ᠤᠯᠠᠮ ᠠᠴᠠ ᠡᠷᠭᠢᠨ ᠲᠣᠭᠤᠷᠢᠨ ᠤ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠳᠠᠶᠢᠴᠢᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠨᠢ ᠨᠢᠭᠡᠨᠲᠡ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠬᠦᠷᠢᠶᠡᠯᠡᠩ ᠪᠣᠯᠤᠭᠰᠠᠨ ᠪᠠᠶᠢᠨ᠎ᠠ᠃ ︽ᠵᠢᠯ ᠪᠦᠷᠢ ᠰᠠᠭᠤᠷᠢᠨ ᠭᠠᠵᠠᠷ ᠲᠤ ᠠᠵᠢᠯᠯᠠᠵᠤ ᠪᠠᠶᠢᠭ᠎ᠠ ᠲᠣᠰᠬᠤᠨ ᠤ ᠠᠷᠠᠳ 40 ᠰᠢᠬᠠᠮ ᠬᠥᠮᠦᠨ ᠪᠠᠶᠢᠵᠤ᠂ ᠵᠢᠯ ᠪᠦᠷᠢ ᠬᠥᠮᠦᠨ ᠪᠦᠷᠢ ᠲᠦᠮᠡ ᠭᠠᠷᠤᠢ ᠲᠥᠭᠦᠷᠢᠭ ᠤᠨ ᠣᠷᠣᠯᠭ᠎ᠠ ᠲᠠᠢ᠃ ᠬᠤᠵᠢᠷᠯᠢᠭ ᠭᠠᠵᠠᠷ ᠢ ᠪᠦᠲᠦᠮᠵᠢᠲᠡᠢ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠰᠠᠶᠢᠵᠢᠷᠠᠵᠤ᠂ ᠠᠷᠠᠳ ᠣᠯᠠᠨ ᠤ ᠠᠮᠢᠳᠤᠷᠠᠯ ᠴᠤ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠃︾ ᠪᠠᠶᠠᠨᠨᠠᠭᠤᠷ ᠰᠤᠮᠤ ᠶᠢᠨ ᠪᠠᠶᠠᠨᠲᠠᠯ᠎ᠠ ᠭᠠᠴᠠᠭᠠᠨ ᠤ ᠠᠷᠤ ᠲᠠᠯ᠎ᠠ ᠶᠢᠨ ᠠᠶᠢᠯ ᠳᠤ ᠴᠢᠨ ᠪᠤᠤ ᠬᠡᠯᠡᠪᠡ᠃    ᠣᠳᠣᠬᠠᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠤᠨ ᠬᠤᠵᠢᠷᠯᠢᠭ ᠭᠠᠵᠠᠷ ᠢ ᠰᠠᠶᠢᠵᠢᠷᠠᠭᠤᠯᠤᠭᠰᠠᠨ ᠲᠠᠯᠠᠪᠠᠢ 1843 ᠮᠦ ᠪᠠᠶᠢᠵᠤ᠂ ᠰᠣᠩᠭᠤᠨ ᠪᠤᠶᠢᠵᠢᠭᠤᠯᠬᠤ ᠡᠭᠦᠯᠳᠡᠷ ᠪᠤᠶᠢᠵᠢᠭᠤᠯᠬᠤ ᠳᠤ 2000 ᠭᠠᠷᠤᠢ ᠬᠤᠪᠢ ᠣᠷᠣᠯᠴᠠᠵᠤ᠂ ᠵᠢᠯ ᠪᠦᠷᠢ ᠡᠭᠦᠯᠳᠡᠷ ᠰᠣᠩᠭᠤᠨ ᠪᠤᠶᠢᠵᠢᠭᠤᠯᠬᠤ ᠠᠵᠢᠯ ᠬᠢᠵᠦ ᠪᠠᠶᠢᠨ᠎ᠠ᠃ ᠡᠨᠡ ᠵᠢᠯ ᠤᠨ ᠲᠤᠲᠤᠷᠭ᠎ᠠ ᠶᠢᠨ ᠡᠭᠦᠯᠳᠡᠷ ᠲᠤ ᠭᠤᠣᠯᠳᠠᠭᠤ ᠰᠢᠩ ᠯᠦᠩ 261᠂ ᠰᠢᠩ ᠯᠦᠩ 41᠂ ᠰᠢᠩ ᠯᠦᠩ 17᠂ ᠴᠠᠭᠠᠨ ᠲᠤᠲᠤᠷᠭ᠎ᠠ 8 ᠵᠡᠷᠭᠡ ᠲᠥᠷᠥᠯ ᠵᠦᠢᠯ ᠪᠠᠶᠢᠵᠤ᠂ ᠬᠤᠵᠢᠷ ᠲᠤ ᠲᠡᠰᠪᠦᠷᠢᠲᠡᠢ᠂ ᠨᠠᠯᠠᠨ ᠤᠨᠠᠬᠤ ᠶᠢ ᠡᠰᠡᠷᠭᠦᠴᠡᠬᠦ᠂ ᠭᠠᠷᠤᠯᠲᠠ ᠥᠨᠳᠥᠷ ᠵᠡᠷᠭᠡ ᠳᠠᠪᠠᠭᠤᠯᠢᠭ ᠲᠠᠯ᠎ᠠ ᠲᠠᠢ ᠶᠤᠮ᠃ ᠣᠯᠠᠨ ᠵᠦᠢᠯ ᠤᠨ ᠠᠷᠭ᠎ᠠ ᠬᠡᠮᠵᠢᠶ᠎ᠡ ᠶᠢᠨ ᠵᠠᠰᠠᠯᠲᠠ ᠳᠣᠣᠷ᠎ᠠ᠂ ᠬᠤᠵᠢᠷᠯᠢᠭ ᠬᠥᠷᠥᠰᠥᠨ ᠳᠤ ᠲᠡᠰᠪᠦᠷᠢᠲᠡᠢ ᠤᠰᠤᠨ ᠲᠤᠲᠤᠷᠭ᠎ᠠ ᠶᠢᠨ ᠨᠢᠭᠡᠴᠢ ᠤᠨᠠᠯᠲᠠ ᠨᠢ 500 ᠺᠢᠯᠣᠭ᠍ᠷᠠᠮ ᠣᠷᠴᠢᠮ ᠬᠦᠷᠴᠦ᠂ ᠥᠩᠭᠡᠷᠡᠭᠰᠡᠨ ᠤ ᠬᠤᠵᠢᠷᠯᠢᠭ ᠭᠠᠵᠠᠷ ᠨᠢ ᠠᠮᠤ ᠪᠤᠳᠠᠭᠠᠨ ᠤ ᠬᠥᠮᠥᠷᠭᠡ ᠪᠣᠯᠵᠠᠢ᠃ ︽ᠪᠠᠶᠠᠨᠨᠠᠭᠤᠷ ᠰᠤᠮᠤ ᠬᠤᠵᠢᠷ ᠲᠤ ᠲᠡᠰᠪᠦᠷᠢᠲᠡᠢ ᠤᠰᠤᠨ ᠲᠤᠲᠤᠷᠭ᠎ᠠ ᠶᠢ ᠵᠠᠰᠠᠬᠤ ᠪᠠᠷ ᠳᠠᠮᠵᠢᠨ᠂ ᠨᠡᠶᠢᠲᠡ 7000 ᠭᠠᠷᠤᠢ ᠮᠦ ᠬᠤᠵᠢᠷ ᠲᠤ ᠲᠡᠰᠪᠦᠷᠢᠲᠡᠢ ᠤᠰᠤᠨ ᠲᠤᠲᠤᠷᠭ᠎ᠠ ᠲᠠᠷᠢᠵᠤ᠂ ᠡᠨᠡ ᠵᠢᠯ ᠤᠨ ᠬᠤᠵᠢᠷ ᠲᠤ ᠲᠡᠰᠪᠦᠷᠢᠲᠡᠢ ᠤᠰᠤᠨ ᠲᠤᠲᠤᠷᠭ᠎ᠠ ᠶᠢᠨ ᠦᠷ᠎ᠡ ᠪᠦᠲᠦᠮᠵᠢ ᠨᠢ ᠮᠠᠰᠢ ᠰᠠᠶᠢᠨ ᠪᠠᠶᠢᠵᠤ᠂ ᠲᠥᠷᠥᠯ ᠵᠦᠢᠯ ᠤᠨ ᠰᠤᠳᠤᠯᠤᠭᠴᠢᠳ ᠤᠨ ᠮᠡᠷᠭᠡᠵᠢᠯ ᠢᠶᠠᠨ ᠰᠠᠶᠢᠵᠢᠷᠠᠭᠤᠯᠵᠤ᠂ ᠤᠨᠠᠯᠲᠠ ᠪᠠᠨ ᠳᠡᠭᠡᠭᠰᠢᠯᠡᠭᠦᠯᠬᠦ ᠳᠤ ᠢᠲᠡᠭᠡᠯ ᠵᠣᠷᠢᠭ ᠢ ᠨᠢ ᠨᠡᠮᠡᠭᠳᠡᠭᠦᠯᠪᠡ᠃   ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠰᠤᠮᠤ ᠬᠥᠷᠥᠰᠥ ᠰᠢᠷᠣᠢ ᠶᠢ ᠰᠠᠶᠢᠵᠢᠷᠠᠭᠤᠯᠬᠤ᠂ ᠬᠤᠵᠢᠷᠯᠢᠭ ᠭᠠᠵᠠᠷ ᠢ ᠵᠠᠰᠠᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠡᠷᠭᠡ ᠬᠦᠷᠢᠶᠡᠨ ᠳᠤ ᠭᠤᠣᠯᠳᠠᠯᠭ᠎ᠠ ᠲᠠᠢ ᠪᠠᠷ ᠲᠠᠯᠪᠢᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠬᠠᠮᠲᠤ᠂ ᠠᠷᠠᠳ ᠣᠯᠠᠨ ᠤ ᠣᠷᠣᠯᠭ᠎ᠠ ᠶᠢ ᠳᠡᠭᠡᠭᠰᠢᠯᠡᠭᠦᠯᠦᠨ᠎ᠡ ᠬᠡᠵᠤ ᠪᠠᠶᠠᠨᠨᠠᠭᠤᠷ ᠰᠤᠮᠤ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠳᠡᠯᠭᠡᠷᠡᠭᠦᠯᠬᠦ ᠥᠷᠲᠡᠭᠡᠨ ᠤ ᠠᠵᠢᠯᠲᠠᠨ ᠨᠠᠷᠠᠰᠤ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号